ᠰᠦᠨ ᠱᠤᠤ ᠴᠧᠩ ᠠᠯᠠᠱᠠ ᠵᠡᠭᠦᠨ ᠬᠤᠰᠢᠭᠤᠨ ᠤ ᠲᠤᠬᠠᠢ ᠶᠢᠨ ᠲᠠᠯᠠᠪᠠᠢ ᠳᠤ ᠠᠯᠪᠠᠯᠠᠵᠤ ᠰᠢᠨ ᠵᠢᠩ ᠨᠡᠭᠦᠷᠡᠰᠦᠨ ᠤ ᠦᠢᠯᠡᠰ ᠤᠨ ᠵᠠᠳᠠᠭᠠᠢ ᠨᠡᠭᠦᠷᠡᠰᠦᠨ ᠠᠭᠤᠷᠬᠠᠢ ᠶᠢᠨ ᠶᠡᠭᠦᠷᠡᠭᠰᠡᠨ ᠠᠳᠡᠯ ᠠᠴᠠ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠤᠯᠠᠮ ᠴᠢᠨᠠᠭᠰᠢᠳᠠ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/3/17
      3 ᠰᠠᠷ᠎ᠠ ᠶᠢᠨ 15 ᠠᠴᠠ 16 ᠤ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠠᠯᠠᠱᠠ ᠵᠡᠭᠦᠨ ᠬᠤᠰᠢᠭᠤᠨ ᠤ ᠰᠢᠨ ᠵᠢᠩ ᠨᠡᠭᠦᠷᠡᠰᠦᠨ ᠠᠭᠤᠷᠬᠠᠢ ᠶᠢᠨ ᠶᠡᠭᠦᠷᠡᠭᠰᠡᠨ ᠠᠳᠡᠯ ᠤᠨ ᠲᠤᠬᠠᠢ ᠶᠢᠨ ᠲᠠᠯᠠᠪᠠᠢ ᠳᠤ ᠬᠦᠷᠴᠦ ᠠᠵᠢᠯᠯᠠᠨ  ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ ᠃      ᠨᠢᠰᠬᠡᠯ ᠠᠴᠠ ᠪᠠᠭᠤᠮᠠᠭᠴᠠ ᠂ ᠰᠦᠨ ᠱᠤᠤ ᠴᠧᠩ ᠠᠳᠡᠯ ᠤᠨ ᠲᠤᠬᠠᠢ ᠶᠢᠨ ᠲᠠᠯᠠᠪᠠᠢ ᠳᠤ ᠬᠦᠷᠴᠦ ᠂ ᠠᠪᠤᠷᠠᠨ ᠲᠤᠰᠠᠯᠠᠬᠤ ᠠᠵᠢᠯ ᠤᠨ ᠪᠠᠶᠢᠳᠠᠯ ᠢ ᠪᠠᠶᠢᠴᠠᠭᠠᠨ ᠦᠵᠡᠵᠦ ᠂ ᠰᠢᠢᠳᠪᠦᠷᠢᠯᠡᠬᠦ ᠠᠵᠢᠯ ᠤᠨ ᠬᠠᠮᠤᠭ ᠤᠨ ᠰᠢᠨ᠎ᠡ ᠠᠬᠢᠴᠠ ᠶᠢ ᠣᠶᠢᠯᠠᠭᠠᠪᠠ ᠃ ᠬᠡᠷᠬᠢᠨ ᠠᠵᠢᠯ ᠤᠨ ᠬᠡᠪᠴᠢᠶ᠎ᠡ ᠪᠠᠨ ᠥᠷᠭᠡᠳᠬᠡᠨ ᠂ ᠠᠪᠤᠷᠠᠨ ᠲᠤᠰᠠᠯᠠᠬᠤ ᠠᠬᠢᠴᠠ ᠪᠠᠨ ᠲᠦᠷᠭᠡᠳᠬᠡᠬᠦ ᠂ ᠡᠭᠦᠰᠦᠮᠡᠯ ᠭᠠᠮᠰᠢᠭ ᠢ ᠰᠡᠷᠭᠡᠶᠢᠯᠡᠬᠦ ᠂ ᠠᠪᠤᠷᠠᠨ ᠲᠤᠰᠠᠯᠠᠬᠤ ᠬᠥᠮᠥᠰ ᠤᠨ ᠠᠮᠤᠷ ᠲᠦᠪᠰᠢᠨ ᠢ ᠪᠠᠲᠤᠯᠠᠬᠤ ᠵᠡᠷᠭᠡ ᠶᠢᠨ ᠲᠣᠭᠤᠷᠢᠨ ᠳᠤ ᠂ ᠰᠦᠨ ᠱᠤᠤ ᠴᠧᠩ ᠵᠢᠯᠤᠭᠤᠳᠬᠤ ᠭᠠᠵᠠᠷ ᠤᠨ ᠠᠵᠢᠯᠲᠠᠳ ᠪᠣᠯᠣᠨ ᠠᠪᠤᠷᠠᠨ ᠲᠤᠰᠠᠯᠠᠬᠤ ᠲᠤᠰᠬᠠᠢ ᠮᠡᠷᠭᠡᠵᠢᠯᠲᠡᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃      ᠰᠦᠨ ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ ᠂ ᠠᠳᠡᠯ ᠠᠴᠠ ᠠᠪᠤᠷᠠᠨ ᠲᠤᠰᠠᠯᠠᠵᠤ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠯᠪᠣᠭᠳᠠᠯ ᠪᠦᠬᠦᠢ ᠠᠰᠠᠭᠤᠳᠠᠯ ᠢ ᠰᠤᠳᠤᠯᠤᠨ ᠰᠢᠢᠳᠪᠦᠷᠢᠯᠡᠪᠡ ᠂ ᠲᠡᠷᠡ ᠡᠯ᠎ᠡ ᠱᠠᠲᠤᠨ ᠤ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠷᠭ᠎ᠠ ᠪᠦᠭᠦᠨ ᠢ ᠰᠦᠪᠡᠭᠴᠢᠯᠡᠵᠦ ᠂ ᠠᠬᠢᠴᠠ ᠪᠠᠨ ᠲᠦᠷᠭᠡᠳᠬᠡᠨ ᠡᠯ᠎ᠡ ᠵᠦᠢᠯ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠨᠢᠭᠡ ᠳᠤ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠂ ᠠᠮᠤᠷ ᠲᠦᠪᠰᠢᠨ ᠢᠶᠠᠷ ᠠᠪᠤᠷᠠᠨ ᠲᠤᠰᠠᠯᠠᠬᠤ ᠶᠢ ᠪᠠᠷᠢᠮᠲᠠᠯᠠᠵᠤ ᠂ ᠲᠤᠬᠠᠢ ᠶᠢᠨ ᠲᠠᠯᠠᠪᠠᠶ ᠶᠢᠨ ᠠᠪᠤᠷᠠᠨ ᠲᠤᠰᠠᠯᠠᠬᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ ᠂ ᠲᠤᠰᠬᠠᠢ ᠮᠡᠷᠭᠡᠵᠢᠯᠲᠡᠨ ᠤ ᠰᠠᠨᠠᠯ ᠢ ᠭᠦᠢᠴᠡᠳ ᠰᠣᠨᠣᠰᠴᠤ ᠂ ᠠᠪᠤᠷᠠᠨ ᠲᠤᠰᠠᠯᠠᠬᠤ ᠲᠥᠰᠥᠯ ᠢ ᠴᠠᠭ ᠲᠤᠬᠠᠢ ᠳᠤᠨᠢ ᠲᠣᠬᠢᠷᠠᠭᠤᠯᠤᠨ ᠰᠢᠯᠢᠳᠡᠭᠵᠢᠭᠦᠯᠵᠦ ᠂ ᠲᠤᠬᠠᠢ ᠶᠢᠨ ᠲᠠᠯᠠᠪᠠᠶ ᠳᠤ ᠠᠵᠢᠯᠯᠠᠵᠤ ᠪᠠᠶᠢᠭ᠎ᠠ ᠬᠥᠮᠥᠰ ᠤᠨ ᠮᠠᠭᠠᠳ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠂ ᠠᠷᠭ᠎ᠠ ᠪᠦᠭᠦᠨ ᠢ ᠰᠦᠪᠡᠭᠴᠢᠯᠡᠨ ᠠᠪᠤᠷᠠᠨ ᠲᠤᠰᠠᠯᠠᠬᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ ᠃ ᠬᠤᠶᠠᠷ ᠲᠤ ᠬᠠᠷᠢᠯᠴᠠᠭ᠎ᠠ ᠲᠠᠰᠤᠷᠠᠬᠰᠠᠨ ᠬᠥᠮᠥᠰ ᠤᠨ ᠭᠡᠷ ᠪᠦᠯᠢ ᠶᠢᠨ ᠬᠢᠨ ᠤ ᠡᠮᠦᠨ᠎ᠡ ᠠᠴᠠ ᠪᠣᠳᠣᠯᠬᠢᠯᠠᠵᠤ ᠂ ᠬᠤᠶᠢᠨᠠᠬᠢ ᠠᠵᠢᠯ ᠢ ᠲᠣᠬᠢᠲᠠᠢ ᠰᠠᠶᠢᠨ ᠬᠢᠬᠦ ᠬᠡᠷᠡᠭᠲᠡᠢ ᠃ ᠭᠤᠷᠪᠠ ᠳᠤ ᠠᠳᠡᠯ ᠤᠨ ᠪᠠᠶᠢᠴᠠᠭᠠᠯᠲᠠ ᠶᠢ ᠰᠠᠶᠢᠲᠤᠷ ᠬᠢᠬᠦ ᠳᠤ ᠪᠦᠭᠦ ᠬᠦᠴᠦᠨ ᠢᠶᠠᠷ ᠢᠶᠠᠨ ᠬᠠᠮᠵᠢᠯᠴᠠᠬᠤ ᠬᠡᠷᠡᠭᠲᠡᠢ ᠂ ᠨᠢᠭᠤᠨ ᠳᠠᠯᠳᠠᠯᠠᠬᠤ ᠂ ᠲᠦᠯᠬᠢᠯᠴᠡᠬᠦ ᠂ ᠬᠤᠳᠠᠯ ᠬᠡᠯᠡᠵᠦ ᠣᠪ ᠮᠡᠭᠡ ᠭᠠᠷᠭᠠᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ᠪᠠᠶᠢᠵᠤ ᠂ ᠠᠳᠡᠯ ᠤᠨ ᠰᠢᠯᠲᠠᠭᠠᠨ ᠢ ᠲᠦᠷᠭᠡᠨ ᠪᠠᠶᠢᠴᠠᠭᠠᠨ ᠲᠣᠳᠣᠯᠠᠵᠤ ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ ᠃ ᠳᠥᠷᠪᠡ ᠳᠤ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ ᠂ ᠠᠪᠤᠷᠠᠨ ᠲᠤᠰᠠᠯᠠᠵᠤ ᠰᠢᠢᠳᠪᠦᠷᠢᠯᠡᠭᠰᠡᠨ ᠪᠠᠶᠢᠳᠠᠯ ᠢ ᠨᠡᠶᠢᠭᠡᠮ ᠳᠠᠶᠠᠭᠠᠷ ᠲᠤ ᠪᠦᠭᠦ ᠲᠠᠯ᠎ᠠ ᠪᠠᠷ ᠂  ᠵᠥᠪ ᠣᠨᠣᠪᠴᠢᠲᠠᠶ ᠣᠶᠢᠯᠠᠭᠠᠭᠤᠯᠬᠤ ᠬᠡᠷᠡᠭᠲᠡᠢ ᠃ ᠲᠠᠪᠤ ᠳᠤ ᠠᠳᠡᠯ ᠠᠴᠠ ᠭᠦᠨᠵᠡᠭᠡᠢ ᠰᠤᠷᠭᠠᠮᠵᠢ ᠠᠪᠴᠤ ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠭᠦ ᠲᠠᠯ᠎ᠠ ᠪᠠᠷ ᠴᠢᠩᠭᠠᠳᠬᠠᠵᠤ ᠂ ᠡᠯ᠎ᠡ ᠱᠠᠲᠤᠨ ᠤ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠤᠬᠠᠮᠰᠠᠷ ᠢ ᠪᠠᠲᠤ ᠪᠤᠢ ᠪᠤᠯᠭᠠᠬᠤ ᠶᠢ ᠠᠬᠢᠭᠤᠯᠵᠤ ᠂ ᠠᠶᠤᠯᠭᠦᠢ ᠦᠢᠯᠡᠳᠪᠦᠷᠢᠯᠡᠯ ᠤᠨ ᠬᠠᠯᠬᠠᠪᠴᠢ ᠶᠢ ᠪᠠᠲᠤ ᠴᠣᠭᠴᠠᠯᠠᠵᠤ ᠂ ᠠᠮᠤᠷ ᠲᠦᠪᠰᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ ᠃      ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠳᠡᠳ᠋ ᠳᠠᠷᠤᠭ᠎ᠠ ᠵᠠᠩ ᠰᠢᠨ ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ ᠂ ᠢᠦᠢ ᠯᠢ ᠰᠢᠨ ᠂ ᠳᠠᠶᠢᠴᠢᠨ ᠠᠵᠢᠯᠯᠠᠭ᠎ᠠ ᠳᠤ ᠣᠷᠣᠯᠴᠠᠵᠠᠢ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ