ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠤᠨ ᠨᠠᠮ ᠤᠨ ᠰᠤᠷᠭᠠᠭᠤᠯᠢ 3 ᠰᠠᠷ᠎ᠠ ᠶᠢᠨ 1 ᠤ ᠡᠳᠦᠷ ᠰᠤᠷᠭᠠᠭᠤᠯᠢ ᠪᠠᠶᠢᠭᠤᠯᠤᠭᠳᠠᠭᠰᠠᠨ 90 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠭᠢᠯᠡᠭᠦ ᠶᠣᠰᠣᠯᠠᠯ ᠶᠠᠪᠤᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠨᠠᠮ ᠤᠨ ᠰᠤᠷᠭᠠᠭᠤᠯᠢ ᠶᠢᠨ ᠢᠮᠠᠭᠲᠠ ᠬᠤᠪᠢᠷᠠᠰᠢ ᠦᠭᠡᠢ ᠤᠭ ᠰᠠᠨᠠᠭ᠎ᠠ ᠪᠣᠯ ᠳᠠᠷᠤᠢ ᠨᠠᠮ ᠳᠤ ᠴᠢᠳᠠᠪᠤᠷᠢᠲᠠᠨ ᠬᠥᠮᠥᠵᠢᠭᠦᠯᠵᠦ᠂ ᠨᠠᠮ ᠳᠤ ᠠᠷᠭ᠎ᠠ ᠪᠣᠳᠣᠯᠭ᠎ᠠ ᠭᠠᠷᠭᠠᠵᠤ ᠦᠭᠭᠦ ᠶᠠᠪᠤᠳᠠᠯ ᠪᠣᠯᠣᠨ᠎ᠠ᠃ ᠡᠯ᠎ᠡ ᠱᠠᠲᠤᠨ ᠤ ᠨᠠᠮ ᠤᠨ ᠰᠤᠷᠭᠠᠭᠤᠯᠢ ᠡᠨᠡ ᠬᠦ ᠤᠭ ᠰᠠᠨᠠᠭ᠎ᠠ ᠪᠠᠨ ᠪᠠᠲᠤ ᠰᠠᠬᠢᠵᠤ᠂ ᠡᠷᠡᠮᠡᠬᠡᠶᠢᠯᠡᠨ ᠤᠷᠤᠭᠰᠢᠯᠠᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠼᠠᠢ ᠴᠢ᠂ ᠳ᠋ᠢᠩ ᠰᠢᠤᠸᠠᠢ ᠰᠢᠶᠠᠩ ᠣᠷᠣᠯᠴᠠᠵᠠᠢ᠃
ᠦᠳᠡ ᠶᠢᠨ ᠡᠮᠦᠨᠡᠬᠢ 10 ᠴᠠᠭ ᠲᠤ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃

ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠪᠣᠯ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠡᠷᠬᠡᠪᠰᠢ ᠢᠮᠠᠭᠲᠠ ᠪᠠᠷᠢᠮᠲᠠᠯᠠᠬᠤ ᠤᠯᠤᠰ ᠲᠥᠷᠥ ᠶᠢᠨ ᠵᠣᠭᠰᠣᠴᠠ ᠮᠥᠨ᠂ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠶᠢ ᠦᠢᠯᠡᠳᠦᠯᠭᠡᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠷᠬᠡᠪᠰᠢ ᠨᠠᠮ ᠤᠨ ᠲᠤᠭ ᠢᠶᠠᠷ ᠲᠤᠭ ᠲᠡᠮᠳᠡᠭ ᠢᠶᠠᠨ ᠪᠤᠯᠭᠠᠬᠤ᠂ ᠨᠠᠮ ᠤᠨ ᠵᠣᠷᠢᠭ ᠰᠠᠨᠠᠭ᠎ᠠ ᠪᠠᠷ ᠵᠣᠷᠢᠭ ᠰᠠᠨᠠᠭ᠎ᠠ ᠪᠠᠨ ᠪᠤᠯᠭᠠᠬᠤ᠂ ᠨᠠᠮ ᠤᠨ ᠡᠭᠦᠷᠭᠡ ᠬᠠᠷᠢᠭᠤᠴᠠᠯᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠪᠤᠯᠭᠠᠬᠤ ᠶᠢ ᠢᠮᠠᠭᠲᠠ ᠪᠠᠷᠢᠮᠲᠠᠯᠠᠵᠤ᠂ ᠤᠬᠠᠮᠰᠠᠷ ᠠᠴᠠ ᠪᠠᠨ ᠨᠠᠮ ᠤᠨ ᠰᠢᠨ᠎ᠡ ᠠᠭᠤᠤ ᠶᠡᠭᠡ ᠦᠢᠯᠡᠰ ᠪᠠ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠳᠤᠮᠳᠠ ᠪᠠᠶᠢᠷᠢ ᠲᠣᠭᠲᠠᠭᠠᠯᠲᠠ ᠪᠠᠨ ᠤᠨᠤᠪᠴᠢᠳᠠᠢ ᠣᠯᠵᠤ᠂ ᠤᠬᠠᠮᠰᠠᠷ ᠠᠴᠠ ᠪᠠᠨ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃ ᠡᠷᠬᠡᠪᠰᠢ ᠰᠤᠷᠭᠠᠭᠤᠯᠢ ᠡᠷᠭᠢᠯᠡᠭᠦ ᠵᠥᠪ ᠴᠢᠭᠯᠡᠯ ᠢ ᠪᠠᠷᠢᠮᠲᠠᠯᠠᠵᠤ᠂ ᠨᠠᠮ ᠤᠨ ᠰᠤᠷᠭᠠᠭᠤᠯᠢ ᠨᠠᠮ ᠤᠨ ᠬᠢ ᠪᠠᠶᠢᠬᠤ ᠶᠢ ᠢᠮᠠᠭᠲᠠ ᠪᠠᠷᠢᠮᠲᠠᠯᠠᠵᠤ᠂ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠱᠤᠭᠤᠮ ᠢ ᠤᠬᠠᠮᠰᠠᠷ ᠠᠴᠠ ᠪᠠᠨ ᠲᠠᠭᠠᠬᠤ ᠪᠠ ᠲᠡᠭᠦᠨ ᠳᠤ ᠦᠢᠯᠡᠴᠢᠯᠡᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠨᠠᠮ ᠤᠨ ᠭᠡᠰᠢᠭᠦᠨ ᠡᠷᠬᠡᠪᠰᠢ ᠨᠠᠮ ᠢᠶᠠᠨ ᠬᠠᠶᠢᠷᠠᠯᠠᠬᠤ᠂ ᠨᠠᠮ ᠢᠶᠠᠨ ᠶᠠᠷᠢᠬᠤ᠂ ᠨᠠᠮ ᠳᠠᠭᠠᠨ ᠰᠠᠨᠠᠭᠠᠰᠢᠷᠠᠬᠤ᠂ ᠨᠠᠮ ᠢᠶᠠᠨ ᠪᠣᠳᠣᠯᠬᠢᠯᠠᠬᠤ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠡᠷᠬᠡᠪᠰᠢ ᠨᠠᠮ ᠤᠨ ᠰᠤᠷᠭᠠᠭᠤᠯᠢ ᠶᠢᠨ ᠠᠵᠢᠯ ᠪᠣᠯᠣᠨ ᠨᠠᠮ ᠤᠨ ᠭᠤᠣᠯ ᠡᠭᠦᠷᠭᠡ ᠶᠢᠨ ᠤᠶᠠᠯᠳᠤᠯ ᠴᠡᠭ᠂ ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠨᠠᠮ ᠤᠨ ᠬᠡᠷᠡᠭᠴᠡᠭᠡ ᠶᠢ ᠴᠢᠩᠭ᠎ᠠ ᠡᠵᠡᠮᠳᠡᠨ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠳᠤ ᠶᠠᠮᠠᠷ ᠶᠠᠩᠵᠤ ᠶᠢᠨ ᠺᠠᠳ᠋ᠷ ᠱᠠᠭᠠᠷᠳᠠᠭᠳᠠᠪᠠᠯ ᠨᠠᠮ ᠤᠨ ᠰᠤᠷᠭᠠᠭᠤᠯᠢ ᠲᠡᠷᠡ ᠶᠠᠩᠵᠤ ᠶᠢᠨ ᠺᠠᠳ᠋ᠷ ᠢ ᠬᠥᠮᠥᠵᠢᠭᠦᠯᠬᠦ ᠭᠡᠷᠡᠭᠲᠡᠢ ︔ ᠨᠠᠮ ᠠᠴᠠ ᠶᠠᠮᠠᠷ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠣᠯ ᠨᠠᠮ ᠤᠨ ᠰᠤᠷᠭᠠᠭᠤᠯᠢ ᠲᠡᠳᠡᠭᠡᠷ ᠲᠠᠯ᠎ᠠ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠭᠠᠷᠭᠠᠵᠤ ᠦᠭᠭᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠨᠠᠮ ᠳᠤ ᠴᠢᠳᠠᠪᠤᠷᠢᠲᠠᠨ ᠬᠥᠮᠥᠵᠢᠭᠦᠯᠬᠦ ᠪᠣᠯ ᠨᠠᠮ ᠤᠨ ᠰᠤᠷᠭᠠᠭᠤᠯᠢ ᠶᠢᠨ ᠥᠪᠡᠷᠮᠢᠴᠡ ᠤᠡᠴᠠᠭᠠᠢ ᠦᠨ᠎ᠡ ᠦᠷᠳᠡᠭ ᠪᠣᠯᠣᠨ᠎ᠠ᠃ ᠨᠠᠮ ᠤᠨ ᠰᠤᠷᠭᠠᠭᠤᠯᠢ ᠪᠣᠯ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠭᠤᠣᠯ ᠵᠢᠭᠰᠠᠭᠠᠯ ᠤᠨ ᠭᠠᠵᠠᠷ ᠮᠥᠨ᠂ ᠡᠷᠬᠡᠪᠰᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠲᠦᠷᠦ ᠪᠠᠷᠢᠬᠤ ᠭᠤᠣᠯᠯᠠᠭᠴᠢ ᠡᠩᠨᠡᠭᠡ ᠶᠢ ᠬᠥᠮᠥᠵᠢᠭᠦᠯᠦᠨ ᠪᠣᠶᠢᠵᠢᠭᠤᠯᠬᠤ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠶᠣᠰᠣ ᠶᠢ ᠤᠯᠠᠮᠵᠢᠯᠠᠬᠤ᠂ ᠮᠡᠷᠭᠡᠵᠢᠯ ᠬᠦᠷᠲᠡᠭᠡᠬᠦ᠂ ᠡᠭᠡᠳᠡᠷᠡᠭᠡᠨ ᠢ ᠠᠷᠢᠯᠭᠠᠬᠤ ᠠᠵᠢᠯ ᠢ ᠰᠠᠶᠢᠲᠤᠷ ᠬᠢᠵᠦ᠂ ᠮᠠᠷᠺᠰ ᠤᠨ ᠦᠵᠡᠯ ᠤᠨ ᠦᠨᠡᠨ ᠶᠣᠰᠣᠨ ᠤ ᠶᠣᠰᠣ ᠤᠴᠢᠷ ᠢ ᠰᠠᠶᠢᠲᠤᠷ ᠤᠯᠠᠮᠵᠢᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠦᠢᠯᠡᠰ ᠢ ᠰᠠᠶᠢᠲᠤᠷ ᠠᠬᠢᠭᠤᠯᠵᠤ᠂ ᠪᠡᠶᠡᠴᠢ ᠶᠢᠷᠲᠢᠨᠴᠦ ᠪᠣᠯᠣᠨ ᠪᠤᠰᠤᠳᠴᠢ ᠶᠢᠷᠲᠢᠨᠴᠦ ᠳᠤ ᠲᠤᠯᠭᠠᠷᠠᠭᠰᠠᠨ ᠡᠭᠡᠳᠡᠷᠡᠭᠡᠨ ᠢ ᠰᠠᠶᠢᠲᠤᠷ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠤᠨᠤᠯ ᠤᠨ ᠪᠣᠯᠪᠠᠰᠤᠷᠠᠯ ᠪᠣᠯ ᠤᠳᠤᠷᠢᠳᠬᠤ ᠺᠠᠳ᠋ᠷᠴᠤᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠤᠨ ᠭᠤᠣᠯᠳᠠᠯᠭ᠎ᠠ ᠮᠥᠨ᠂ ᠤᠨᠤᠯ ᠤᠨ ᠲᠠᠯ᠎ᠠ ᠪᠠᠷ ᠴᠠᠭᠠᠷᠠᠬᠤ ᠪᠣᠯ ᠤᠯᠤᠰ ᠲᠦᠷᠦ ᠶᠢᠨ ᠲᠠᠯ᠎ᠠ ᠪᠠᠷ ᠴᠠᠭᠠᠷᠠᠬᠤ ᠶᠢᠨ ᠰᠠᠭᠤᠷᠢ ᠮᠥᠨ᠂ ᠤᠯᠤᠰ ᠲᠦᠷᠦ ᠶᠢᠨ ᠲᠠᠯ᠎ᠠ ᠪᠠᠷ ᠭᠤᠶᠢᠪᠢᠰᠢ ᠦᠭᠡᠢ ᠪᠠᠶᠢᠬᠤ ᠨᠢ ᠤᠨᠤᠯ ᠤᠨ ᠲᠠᠯ᠎ᠠ ᠪᠠᠷ ᠰᠣᠨᠣᠷ ᠰᠡᠷᠡᠮᠵᠢ ᠲᠠᠢ ᠪᠠᠶᠢᠬᠤ ᠠᠴᠠ ᠰᠢᠯᠲᠠᠭᠠᠯᠠᠭᠳᠠᠨ᠎ᠠ᠃ ᠤᠳᠤᠷᠢᠳᠬᠤ ᠺᠠᠳ᠋ᠷᠴᠤᠳ ᠲᠤ ᠠᠪᠴᠤ ᠬᠡᠯᠡᠪᠡᠯ᠂ ᠮᠠᠷᠺᠰ ᠤᠨ ᠦᠵᠡᠯ ᠭᠡᠬᠦ
ᠡᠨᠡ ᠬᠦ ᠡᠷᠳᠡᠮ ᠴᠢᠳᠠᠪᠤᠷᠢ ᠶᠢ ᠬᠡᠳᠦᠢ ᠪᠠᠲᠤ ᠡᠵᠡᠮᠰᠢᠬᠦ ᠲᠤᠳᠤᠮ ᠤᠯᠤᠰ ᠲᠦᠷᠦ ᠶᠢᠨ ᠵᠣᠭᠰᠣᠴᠠ ᠨᠢ ᠲᠡᠳᠦᠢ ᠥᠨᠳᠥᠷ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠨᠢ ᠲᠡᠳᠦᠢ ᠴᠢᠩᠭ᠎ᠠ ᠪᠣᠯᠵᠤ᠂ ᠴᠠᠭ ᠤᠨ ᠪᠠᠶᠢᠳᠠᠯ ᠢ ᠠᠵᠢᠭᠯᠠᠬᠤ᠂ ᠬᠥᠭᠵᠢᠯᠲᠡ ᠶᠢ ᠲᠥᠯᠥᠪᠵᠢᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠲᠡᠳᠦᠢ ᠰᠠᠨᠠᠭᠠᠴᠢᠯᠠᠭ᠎ᠠ ᠲᠠᠢ ᠪᠤᠯᠳᠠᠭ᠃ ᠨᠠᠮ ᠤᠨ ᠰᠤᠷᠭᠠᠭᠤᠯᠢ ᠮᠠᠷᠺᠰ ᠤᠨ ᠦᠵᠡᠯ ᠤᠨ ᠤᠨᠤᠯ ᠤᠨ ᠬᠥᠮᠦᠵᠢᠯ ᠪᠣᠯᠪᠠᠰᠤᠷᠠᠯ ᠢ ᠴᠢᠨᠠᠭᠰᠢᠳᠠ ᠴᠢᠩᠭᠠᠳᠬᠠᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠨᠠᠮ ᠤᠨ ᠰᠤᠷᠭᠠᠭᠤᠯᠢ ᠪᠣᠯ ᠤᠳᠤᠷᠢᠳᠬᠤ ᠺᠠᠳ᠋ᠷᠴᠤᠳ ᠤᠨ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ︽ᠲᠣᠮᠣ ᠵᠤᠤᠬ᠎ᠠ︾ ᠮᠥᠨ᠃ ᠡᠯ᠎ᠡ ᠱᠠᠲᠤᠨ ᠤ ᠨᠠᠮ ᠤᠨ ᠰᠤᠷᠭᠠᠭᠤᠯᠢ ᠨᠠᠮᠴᠢ ᠴᠢᠨᠠᠷ ᠤᠨ ᠬᠥᠮᠦᠵᠢᠯ ᠢ ᠵᠢᠭᠠᠨ ᠰᠤᠷᠭᠠᠯᠲᠠ ᠶᠢᠨ ᠭᠤᠣᠯ ᠠᠭᠤᠯᠭ᠎ᠠ ᠪᠤᠯᠭᠠᠵᠤ᠂ ᠬᠦᠰᠡᠯᠡᠩ ᠢᠲᠡᠭᠡᠯ ᠪᠢᠰᠢᠷᠡᠯ᠂ ᠨᠠᠮ ᠤᠨ ᠵᠣᠷᠢᠯᠲᠠ᠂ ︽ᠲᠦᠷᠪᠡᠨ ᠲᠡᠦᠬᠡ︾᠂ ᠬᠤᠪᠢᠰᠬᠠᠯ ᠤᠨ ᠤᠯᠠᠮᠵᠢᠯᠠᠯ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ᠂ ᠨᠠᠮ ᠤᠨ ᠰᠤᠷᠲᠠᠯ ᠴᠢᠬᠡᠴᠢ ᠵᠠᠰᠠᠭ ᠵᠡᠷᠭᠡ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠳᠦᠷᠢᠮ ᠪᠠ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠮᠴᠢ ᠴᠢᠨᠠᠷ ᠤᠨ ᠬᠥᠮᠦᠵᠢᠯ ᠤᠨ ᠴᠢᠬᠤᠯᠠ ᠠᠭᠤᠯᠭ᠎ᠠ ᠪᠤᠯᠭᠠᠵᠤ᠂ ᠤᠳᠤᠷᠢᠳᠬᠤ ᠺᠠᠳ᠋ᠷᠴᠤᠳ ᠤᠨ ᠦᠵᠡᠯ ᠰᠠᠨᠠᠭᠠᠨ ᠤ ᠤᠬᠠᠮᠰᠠᠷ᠂ ᠤᠶᠤᠨ ᠰᠠᠨᠠᠭᠠᠨ ᠤ ᠲᠦᠪᠰᠢᠨ᠂ ᠶᠣᠰᠣ ᠮᠣᠷᠠᠯ ᠤᠨ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠬᠤ ᠪᠠ ᠠᠬᠢᠭᠤᠯᠵᠤ᠂ ᠵᠥᠪ ᠡᠷᠬᠡ ᠶᠢᠨ ᠦᠵᠡᠯᠲᠡ᠂ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠤᠢ ᠪᠤᠯᠭᠠᠵᠤ᠂ ᠡᠪ ᠬᠠᠮᠲᠤᠴᠤᠳ ᠤᠨ ᠤᠯᠤᠰ ᠲᠦᠷᠤ ᠶᠢᠨ ᠣᠣᠷ ᠴᠢᠨᠠᠷ ᠢᠶᠠᠨ ᠬᠠᠳᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠨᠠᠮ ᠪᠣᠯᠣᠨ ᠠᠷᠠᠳ ᠲᠦᠮᠡᠨ ᠠᠴᠠ ᠣᠯᠭᠤᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠳᠤ᠂ ᠤᠳᠤᠷᠢᠳᠬᠤ ᠺᠠᠳ᠋ᠷᠴᠤᠳ ᠡᠷᠬᠡᠪᠰᠢ ᠡᠯ᠎ᠡ ᠲᠠᠯ᠎ᠠ ᠶᠢᠨ ᠴᠢᠳᠠᠪᠤᠷᠢ ᠪᠠᠨ ᠪᠦᠭᠦ ᠲᠠᠯ᠎ᠠ ᠪᠠᠷ ᠴᠢᠩᠭᠠᠳᠬᠠᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠮᠡᠷᠭᠡᠵᠢᠯᠲᠡᠨ ᠪᠤᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠲᠤᠰᠬᠠᠶᠢᠵᠢᠭᠰᠠᠨ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠭᠦ ᠶᠢᠨ ᠵᠡᠷᠭᠡ ᠪᠠᠷ ᠲᠡᠮᠡᠴᠡᠯ ᠤᠨ ᠵᠣᠷᠢᠭ ᠰᠠᠨᠠᠭ᠎ᠠ ᠪᠣᠯᠣᠨ ᠲᠡᠮᠡᠴᠡᠯ ᠤᠨ ᠴᠢᠳᠠᠪᠤᠷᠢ ᠶᠢ ᠬᠥᠮᠥᠵᠢᠭᠦᠯᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠥᠷᠢᠰᠦᠯᠳᠦᠭᠡᠨ ᠢ ᠤᠭᠲᠤᠬᠤ᠂ ᠳᠠᠷᠤᠯᠲᠠ ᠶᠢ ᠳᠠᠭᠠᠭᠠᠬᠤ ᠴᠢᠳᠠᠪᠤᠷᠢ ᠶᠢ ᠬᠦᠴᠦᠯᠡᠨ ᠴᠢᠩᠭᠠᠳᠬᠠᠵᠤ᠂ ᠲᠤᠰᠬᠠᠶᠢᠵᠢᠭᠰᠠᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠳᠤᠷᠢᠳᠬᠤ ᠠᠵᠢᠯ ᠢ ᠨᠠᠩ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠨᠠᠮ ᠤᠨ ᠰᠤᠷᠭᠠᠭᠤᠯᠢ ᠨᠠᠮ ᠤᠨ ᠦᠵᠡᠯ ᠰᠠᠨᠠᠭ᠎ᠠ ᠤᠨᠤᠯ ᠤᠨ ᠹᠷᠣᠨᠲ ᠤᠨ ᠨᠢᠭᠡ ᠲᠠᠯ᠎ᠠ ᠶᠢᠨ ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠨᠠᠮ ᠳᠤ ᠠᠷᠭ᠎ᠠ ᠪᠣᠳᠣᠯᠭ᠎ᠠ ᠳᠡᠪᠰᠢᠭᠦᠯᠭᠦ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠤᠨᠤᠯ ᠤᠨ ᠰᠤᠳᠤᠯᠭᠠᠨ᠂ ᠠᠷᠭᠠᠴᠠᠭᠠᠬᠤ ᠪᠣᠳᠣᠯᠭ᠎ᠠ ᠶᠢᠨ ᠰᠤᠳᠤᠯᠭᠠᠨ ᠬᠢᠬᠦ ᠡᠨᠡ ᠬᠦ ᠵᠢᠮ᠎ᠡ ᠶᠣᠰᠣ ᠶᠢ ᠰᠦᠪᠡᠭᠴᠢᠯᠡᠵᠦ᠂ ᠦᠶ᠎ᠡ ᠲᠡᠮᠵᠢᠨ ᠬᠡᠷᠡᠭᠯᠡᠬᠦ ᠶᠡᠭᠡ ᠤᠬᠠᠭᠠᠨ ᠢ ᠰᠠᠶᠢᠲᠤᠷ ᠰᠤᠳᠤᠯᠵᠤ᠂ ᠨᠠᠮ ᠤᠨ ᠰᠢᠨ᠎ᠡ ᠶᠢ ᠡᠭᠦᠳᠭᠦ ᠤᠨᠤᠯ ᠤᠨ ᠰᠤᠳᠤᠯᠭᠠᠨ ᠤ ᠲᠠᠶᠢᠯᠪᠤᠷᠢᠯᠠᠯᠲᠠ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢ ᠠᠬᠢᠭᠤᠯᠬᠤ᠂ ᠨᠠᠮ ᠪᠣᠯᠣᠨ ᠵᠠᠰᠠᠭ ᠤᠨ ᠣᠷᠳᠣᠨ ᠳᠤ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠪᠣᠳᠣᠯᠭ᠎ᠠ ᠭᠠᠷᠭᠠᠬᠤ ᠵᠡᠷᠭᠡ ᠲᠠᠯ᠎ᠠ ᠪᠠᠷ ᠴᠢᠨᠠᠷ ᠰᠠᠶᠢᠲᠠᠢ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠡᠨᠡ ᠨᠢ ᠮᠥᠨ ᠴᠦ ᠨᠠᠮ ᠤᠨ ᠰᠤᠷᠭᠠᠭᠤᠯᠢ ᠶᠢᠨ ᠥᠪᠡᠷᠮᠢᠴᠡ ᠦᠨ᠎ᠡ ᠦᠷᠳᠡᠭ ᠪᠤᠯᠬᠤ ᠶᠤᠮ ᠭᠡᠵᠦ ᠴᠢᠬᠤᠯᠠᠴᠢᠯᠠᠪᠠ᠃
ᠰᠢ ᠶᠢᠨ ᠫᠢᠩ᠂ ᠨᠠᠮ ᠤᠨ ᠰᠤᠷᠭᠠᠭᠤᠯᠢ ᠪᠣᠯ ᠨᠠᠮ ᠤᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠴᠢᠬᠤᠯᠠ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠣᠨ᠎ᠠ᠂ ᠡᠷᠬᠡᠪᠰᠢ ᠨᠠᠮ ᠳᠤ ᠦᠨᠡᠨᠴᠢ ᠰᠢᠳᠤᠷᠭᠤ᠂ ᠮᠠᠷᠺᠰ ᠤᠨ ᠦᠵᠡᠯ ᠳᠤ ᠦᠨᠡᠨᠴᠢ ᠰᠢᠳᠤᠷᠭᠤ ᠪᠠᠶᠢᠬᠤ ᠬᠥᠮᠥᠰ ᠤᠨ ᠭᠠᠷ ᠲᠤ ᠡᠵᠡᠮᠳᠡᠭᠦᠯᠬᠦ ᠬᠡᠷᠡᠭᠲᠡᠢ᠃ ᠨᠠᠮ ᠤᠨ ᠰᠤᠷᠭᠠᠭᠤᠯᠢ ᠨᠠᠮ ᠤᠨ ᠵᠣᠷᠢᠯᠲᠠ ᠶᠢ ᠤᠬᠠᠭᠤᠯᠵᠤ᠂ ᠡᠯ᠎ᠡ ᠵᠦᠢᠯ ᠤᠨ ᠭᠠᠵᠢᠭᠤ ᠪᠤᠷᠤᠭᠤ ᠰᠤᠷᠭᠠᠯ ᠢ ᠬᠠᠨᠳᠤᠯᠭᠠᠲᠤ ᠴᠢᠨᠠᠷᠲᠠᠢ ᠪᠠᠷ ᠰᠢᠭᠦᠮᠵᠢᠯᠡᠨ ᠨᠢᠴᠤᠭᠠᠵᠤ᠂ ᠨᠠᠮ ᠤᠨ ᠰᠢᠨ᠎ᠡ ᠶᠢ ᠡᠭᠦᠳᠭᠦ ᠤᠨᠤᠯ ᠤᠨ ᠢᠳᠡᠪᠬᠢᠲᠡᠢ ᠤᠬᠠᠭᠤᠯᠤᠨ ᠲᠠᠶᠢᠯᠪᠤᠷᠢᠯᠠᠭᠴᠢ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢᠨ ᠡᠷᠡᠰ ᠬᠠᠮᠠᠭᠠᠯᠠᠭᠴᠢ ᠪᠣᠯᠵᠤ᠂ ᠨᠠᠮ ᠤᠨ ᠦᠵᠡᠯ ᠤᠬᠠᠮᠰᠠᠷ ᠤᠨ ᠭᠡᠯᠪᠡᠷᠢ ᠪᠠᠷ ᠨᠡᠶᠢᠭᠡᠮ ᠤᠨ ᠦᠵᠡᠯ ᠰᠠᠨᠠᠭᠠᠨ ᠤ ᠤᠷᠤᠰᠬᠠᠯ ᠢ ᠬᠥᠲᠥᠯᠥᠨ ᠵᠢᠯᠤᠭᠤᠳᠬᠤ ᠨᠠᠶᠢᠳᠠᠪᠤᠷᠢᠲᠠᠢ ᠬᠤᠰᠢᠭᠤᠴᠢ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠪᠠᠨ ᠪᠠᠲᠤ ᠰᠠᠬᠢᠬᠤ ᠳᠤ ᠡᠷᠬᠡᠪᠰᠢ ᠰᠤᠷᠭᠠᠭᠤᠯᠢ ᠶᠢ ᠴᠢᠩᠭ᠎ᠠ ᠵᠠᠰᠠᠬᠤ᠂ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠢᠮᠠᠭᠲᠠ ᠪᠠᠷᠢᠮᠲᠠᠯᠠᠵᠤ᠂ ᠬᠠᠮᠤᠭ ᠤᠨ ᠴᠢᠩᠭ᠎ᠠ ᠤᠯᠤᠰ ᠲᠦᠷᠦ ᠶᠢᠨ ᠪᠠᠷᠢᠮᠵᠢᠶ᠎ᠠ᠂ ᠡᠷᠳᠡᠮ ᠰᠢᠨᠵᠢᠯᠡᠭᠡᠨ ᠤ ᠪᠠᠷᠢᠮᠵᠢᠶ᠎ᠠ᠂ ᠵᠢᠭᠠᠨ ᠰᠤᠷᠭᠠᠯᠲᠠ ᠶᠢᠨ ᠪᠠᠷᠢᠮᠵᠢᠶ᠎ᠠ᠂ ᠬᠠᠮᠢᠶᠠᠷᠤᠯᠲᠠ ᠶᠢᠨ ᠪᠠᠷᠢᠮᠵᠢᠶ᠎ᠠ ᠶᠢ ᠵᠢᠷᠤᠮᠯᠠᠵᠤ᠂ ᠲᠥᠪ ᠪᠤᠰᠤ ᠰᠤᠷᠲᠠᠯ ᠤᠨ ︽ᠠᠷᠢᠭᠤᠳᠬᠠᠭᠤᠷ︾᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ︽ᠲᠣᠮᠣ ᠵᠤᠤᠬ᠎ᠠ︾᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ︽ᠵᠦᠭᠯᠡᠭᠦᠷ︾ ᠪᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠨᠠᠮ ᠤᠨ ᠰᠤᠷᠭᠠᠭᠤᠯᠢ ᠶᠢᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠤᠨ ᠬᠥᠮᠦᠵᠢᠯ ᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠤᠨ ᠬᠥᠮᠦᠵᠢᠯ ᠢ ᠴᠢᠩᠭᠠᠳᠬᠠᠵᠤ᠂ ᠨᠠᠮ ᠤᠨ ᠰᠤᠷᠭᠠᠭᠤᠯᠢ ᠶᠢᠨ ᠪᠠᠭᠰᠢ ᠨᠠᠷ ᠤᠨ ᠨᠢᠭᠡ ᠰᠡᠳᠬᠢᠯ ᠢᠶᠠᠷ ᠡᠷᠳᠡᠮ ᠰᠢᠨᠵᠢᠯᠡᠭᠡᠨ ᠬᠢᠬᠦ᠂ ᠴᠢᠩ ᠦᠨᠡᠨᠴᠢ ᠪᠠᠷ ᠶᠣᠰᠣ ᠶᠢ ᠮᠥᠷᠳᠡᠵᠦ᠂ ᠪᠦᠭᠦ ᠰᠡᠳᠬᠢᠯ ᠢᠶᠠᠷ ᠬᠥᠮᠥᠨ ᠬᠥᠮᠥᠵᠢᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ᠵᠣᠷᠢᠭᠲᠠᠢ ᠠᠳᠬᠤᠨ ᠵᠣᠷᠢᠭᠲᠠᠢ ᠬᠠᠮᠢᠶᠠᠷᠴᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠰᠤᠷᠤᠯᠭᠠᠲᠠᠳ ᠲᠤ ᠨᠠᠮ ᠤᠨ ᠰᠤᠷᠭᠠᠭᠤᠯᠢ ᠳᠤ ᠠᠯᠬᠤᠨ ᠣᠷᠣᠮᠠᠭᠴᠠ ᠰᠤᠷᠤᠯᠴᠠᠬᠤ ᠰᠤᠷᠲᠠᠯ᠂ ᠪᠣᠷᠣᠭᠵᠢᠭᠤᠨ ᠰᠤᠷᠲᠠᠯ᠂ ᠠᠷᠢᠭᠤᠨ ᠴᠢᠬᠡᠴᠢ ᠰᠤᠷᠲᠠᠯ ᠢ ᠮᠡᠳᠡᠷᠡᠭᠦᠯᠬᠦ ᠬᠡᠷᠡᠭᠲᠡᠢ᠃ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ ᠶᠢᠨ ᠠᠮᠢ ᠨᠠᠰᠤᠨ ᠤ ᠢᠨᠵᠧᠨᠧᠷᠢᠩ ᠪᠤᠯᠭᠠᠵᠤ᠂ ᠥᠨᠳᠥᠷ ᠪᠠᠷᠢᠮᠵᠢᠶ᠎ᠠ ᠪᠠᠷ ᠰᠤᠷᠭᠠᠭᠤᠯᠢ ᠡᠷᠭᠢᠯᠡᠭᠦ ᠶᠢ ᠪᠠᠷᠢᠮᠲᠠᠯᠠᠬᠤ ᠬᠡᠷᠡᠭᠲᠡᠢ᠃ ᠴᠢᠳᠠᠪᠤᠷᠢᠲᠠᠨ ᠤ ᠡᠩᠨᠡᠭᠡ ᠭᠡᠬᠦ ᠡᠨᠡ ᠬᠦ ᠵᠠᠩᠭᠢᠯᠠᠭ᠎ᠠ ᠶᠢ ᠰᠠᠶᠢᠲᠤᠷ ᠠᠳᠬᠤᠵᠤ᠂ ᠴᠢᠳᠠᠪᠤᠷᠢᠲᠠᠨ ᠢᠶᠠᠷ ᠰᠤᠷᠭᠠᠭᠤᠯᠢ ᠶᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ ᠬᠠᠮᠤᠭ ᠤᠨ ᠰᠡᠭᠦᠯ ᠳᠤ᠂ ᠨᠠᠮ ᠤᠨ ᠰᠤᠷᠭᠠᠭᠤᠯᠢ ᠶᠢᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠮᠠᠨ ᠤ ᠨᠠᠮ ᠤᠨ ᠨᠠᠮ ᠤᠨ ᠰᠤᠷᠭᠠᠭᠤᠯᠢ ᠡᠷᠭᠢᠯᠡᠭᠦ ᠦᠨᠳᠦᠰᠦᠨ ᠲᠤᠷᠰᠢᠯᠭ᠎ᠠ ᠮᠥᠨ᠂ ᠮᠥᠨ ᠴᠤ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠡᠷᠡᠭᠦᠯ ᠢᠶᠠᠷ ᠭᠦᠭᠵᠢᠭᠦ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠪᠦᠭᠦ ᠨᠠᠮ ᠢᠶᠠᠷ ᠢᠶᠠᠨ ᠨᠠᠮ ᠤᠨ ᠰᠤᠷᠭᠠᠭᠤᠯᠢ ᠶᠢ ᠡᠷᠭᠢᠯᠡᠭᠦ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠡᠭᠦᠷᠭᠡ ᠲᠤᠰᠢᠶᠠᠯᠲᠤ ᠰᠠᠯᠠᠭ᠎ᠠ ᠮᠥᠴᠢᠷ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠬᠥᠭᠵᠢᠯᠲᠡ ᠶᠢ ᠳᠡᠮᠵᠢᠭᠦ ᠬᠡᠷᠡᠭᠲᠡᠢ ᠭᠡᠵᠦ ᠴᠢᠬᠤᠯᠠᠴᠢᠯᠠᠪᠠ᠃
ᠴᠧᠨ ᠰᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠲᠥᠪ ᠤᠨ ᠨᠠᠮ ᠤᠨ ᠰᠤᠷᠭᠠᠭᠤᠯᠢ ᠶᠢᠨ 90 ᠵᠢᠯ ᠤᠨ ᠲᠡᠦᠬᠡᠨ ᠠᠮᠵᠢᠯᠲᠠ ᠪᠦᠲᠦᠮᠵᠢ ᠪᠣᠯᠣᠨ ᠭᠡᠷᠡᠯ ᠰᠠᠴᠤᠷᠠᠩᠭᠤᠢ ᠠᠵᠢᠯ ᠤᠨ ᠠᠮᠵᠢᠯᠲᠠ ᠶᠢ ᠡᠷᠭᠢᠴᠡᠭᠦᠯᠦᠨ ᠳ᠋ᠦᠩᠨᠡᠵᠦ᠂ ︽ᠨᠠᠮ ᠳᠤ ᠴᠢᠳᠠᠪᠤᠷᠢᠲᠠᠨ ᠬᠥᠮᠥᠵᠢᠭᠦᠯᠬᠦ᠂ ᠨᠠᠮ ᠳᠤ ᠠᠷᠭ᠎ᠠ ᠪᠣᠳᠣᠯᠭ᠎ᠠ ᠭᠠᠷᠭᠠᠵᠤ ᠦᠭᠭᠦ︾ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠶᠢ ᠪᠠᠲᠤ ᠰᠠᠬᠢᠬᠤ ᠶᠢᠨ ᠲᠣᠭᠤᠷᠢᠨ ᠳᠤ ᠪᠦᠭᠦ ᠲᠠᠯ᠎ᠠ ᠪᠠᠷ ᠭᠦᠨᠵᠡᠭᠡᠢ ᠲᠣᠳᠣᠷᠬᠠᠶᠢᠯᠠᠨ ᠥᠭᠦᠯᠡᠪᠡ᠂ ᠡᠨᠡ ᠪᠣᠯ ᠰᠢᠨ᠎ᠡ ᠴᠠᠭ ᠦᠶ᠎ᠡ ᠶᠢᠨ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠬᠥᠭᠵᠢᠯᠲᠡ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠣᠨ᠎ᠠ᠃ ᠡᠯ᠎ᠡ ᠱᠠᠲᠤᠨ ᠤ ᠨᠠᠮ ᠤᠨ ᠰᠤᠷᠭᠠᠭᠤᠯᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂
︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠠᠶᠠᠨ ᠳᠤ ᠨᠠᠮ ᠤᠨ ᠰᠤᠷᠭᠠᠭᠤᠯᠢ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠦ ᠬᠡᠷᠡᠭᠲᠡᠢ ᠭᠡᠵᠦ ᠢᠯᠡᠳᠬᠡᠪᠡ᠃
ᠬᠤᠷᠠᠯ ᠨᠢ ᠰᠦᠷ ᠵᠢᠪᠬᠤᠯᠠᠩᠲᠤ ︽ᠢᠨᠲ᠋ᠧᠷᠨᠠᠼᠢᠣᠨᠠᠯ ᠤᠨ ᠳᠠᠭᠤᠤ︾ ᠶᠢᠨ ᠳᠤᠮᠳᠠ ᠲᠡᠭᠦᠰᠴᠡᠢ᠃
ᠯᠢ ᠭᠠᠨ ᠵᠢᠶᠧ᠂ ᠯᠢ ᠱᠤ᠋ ᠯᠧᠢ᠂ ᠯᠢᠦ ᠶᠢᠨ ᠭᠦᠸᠧ ᠬᠤᠷᠠᠯ ᠳᠤ ᠣᠷᠣᠯᠴᠠᠪᠠ᠃
ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠪᠣᠯᠣᠨ ᠳᠤᠮᠳᠠᠳᠤ ᠤᠯᠤᠰ ᠤᠨ ᠫᠦᠳᠦ᠋ᠩ᠂ ᠵᠢᠩᠭᠠᠩᠱᠠᠨ᠂ ᠶᠠᠨ ᠠᠨ ᠤ ᠺᠠᠳ᠋ᠷ ᠤᠨ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠪᠠᠭᠰᠢ ᠠᠵᠢᠯᠲᠠᠨ ᠤ ᠲᠥᠯᠥᠭᠡᠯᠡᠭᠴᠢ᠂ ᠰᠤᠷᠭᠠᠭᠤᠯᠢ ᠳᠤ ᠪᠠᠶᠢᠭ᠎ᠠ ᠰᠤᠷᠤᠯᠭᠠᠲᠠᠨ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠤᠤᠯ ᠤᠨ ᠰᠤᠷᠭᠠᠭᠤᠯᠢ ︵ᠳᠡᠭᠡᠳᠦ ᠰᠤᠷᠭᠠᠭᠤᠯᠢ︶ ᠶᠢᠨ ᠤᠳᠤᠷᠢᠳᠤᠯᠭ᠎ᠠ᠂ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠲᠥᠯᠥᠭᠡᠯᠡᠭᠴᠢ ᠨᠠᠷ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠶᠠᠪᠤᠭᠳᠠᠵᠤ᠂ ᠳᠤᠮᠳᠠᠳᠤ ᠤᠯᠤᠰ ᠤᠨ ᠫᠦᠳᠦ᠋ᠩ᠂ ᠵᠢᠩᠭᠠᠩᠱᠠᠨ᠂ ᠶᠠᠨ ᠠᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃