3 ᠰᠠᠷ᠎ᠠ ᠶᠢᠨ 1 ᠤ ᠡᠳᠦᠷ ᠂ ᠪᠦᠭᠦ ᠣᠷᠣᠨ ᠤ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠥᠪᠥᠷ ᠮᠣᠩᠭᠤᠯ ᠤᠨ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠪᠡ ᠃ ᠰᠦᠨ ᠱᠤᠤ ᠴᠧᠩ ᠣᠷᠣᠯᠴᠠᠵᠤ ᠶᠠᠷᠢᠶ᠎ᠠ ᠲᠠᠯᠪᠢᠪᠠ ᠃

ᠸᠠᠩ ᠯᠢ ᠰᠢᠶᠠ ᠰᠤᠷᠤᠯᠭ᠎ᠠ ᠡᠭᠢᠯᠡᠭᠦ ᠶᠣᠰᠣᠯᠠᠯ ᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠪᠣᠯᠣᠨ ᠰᠢᠭᠦᠭᠦ ᠬᠤᠷᠢᠶᠠᠨ ᠤ ᠳᠠᠷᠤᠭ᠎ᠠ ᠪᠠ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ ᠃

ᠰᠦᠨ ᠱᠤᠤ ᠴᠧᠩ ᠂ ᠶᠡᠷᠦᠩᠬᠡᠢ ᠱᠦᠵᠢ ᠰᠢ ᠶᠢᠨ ᠫᠢᠩ ᠤᠨ ᠡᠨᠡ ᠵᠢᠯ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ᠰᠤᠳᠤᠯᠤᠨ ᠶᠠᠷᠢᠯᠴᠠᠬᠤ ᠠᠩᠭᠢ ᠳᠡᠭᠡᠷ᠎ᠡ ᠶᠠᠷᠢᠭᠰᠠᠨ ᠴᠢᠬᠤᠯᠠ ᠶᠠᠷᠢᠶ᠎ᠠ ᠥᠷᠭᠡᠨ ᠳᠡᠯᠭᠡᠷ ᠭᠦᠨ ᠭᠦᠨᠵᠡᠭᠡᠢ ᠶᠤᠮ ᠂ ᠡᠷᠬᠡᠪᠰᠢ ᠦᠷᠭᠦᠯᠵᠢᠯᠡᠨ ᠭᠦᠨᠵᠡᠭᠡᠢ ᠰᠤᠷᠤᠯᠴᠠᠵᠤ ᠂ ᠨᠠᠷᠢᠨ ᠤᠩᠰᠢᠵᠤ ᠨᠠᠷᠢᠯᠢᠭ ᠣᠶᠢᠯᠠᠭᠠᠵᠤ ᠂ ᠶᠣᠰᠣ ᠤᠴᠢᠷ ᠢ ᠨᠢ ᠰᠤᠳᠤᠯᠤᠨ ᠵᠠᠳᠠᠯᠬᠤ ᠬᠡᠷᠡᠭᠲᠡᠢ ᠃ ᠢᠯᠠᠩᠭᠤᠶ᠎ᠠ ᠵᠠᠷᠢᠮ ᠴᠢᠬᠤᠯᠠ ᠶᠡᠭᠡ ᠠᠰᠠᠭᠤᠳᠠᠯ ᠢ ᠨᠢᠭᠡ ᠰᠡᠳᠬᠢᠯ ᠢᠶᠠᠷ ᠰᠤᠷᠤᠯᠴᠠᠨ ᠰᠤᠳᠤᠯᠵᠤ ᠂ ᠵᠣᠷᠢᠭ ᠰᠠᠨᠠᠭᠠᠨ ᠤ ᠮᠥᠨ ᠴᠢᠨᠠᠷ ᠢ ᠨᠢ ᠦᠨᠡᠨ ᠬᠦ ᠡᠵᠡᠮᠰᠢᠵᠦ ᠂ ᠭᠤᠣᠯ ᠰᠠᠨᠠᠭ᠎ᠠ ᠴᠢᠬᠤᠯᠠ ᠠᠭᠤᠯᠭ᠎ᠠ ᠶᠢ ᠨᠢ ᠨᠡᠪᠲᠡᠷᠡᠳᠡᠯ᠎ᠠ ᠣᠶᠢᠯᠠᠭᠠᠬᠤ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠷᠦᠩᠬᠡᠢ ᠲᠥᠯᠥᠪᠯᠡᠭᠴᠢ ᠪᠠ ᠵᠠᠮᠴᠢᠯᠠᠭᠴᠢ ᠮᠥᠨ ᠂ ᠪᠢᠳᠡ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠪᠠᠲᠤ ᠬᠡᠷᠡᠭᠯᠡᠵᠦ ᠂ ᠶᠡᠷᠦᠩᠬᠡᠢ ᠱᠦᠵᠢ
ᠰᠢ ᠶᠢᠨ ᠫᠢᠩ ᠢ ᠨᠢᠭᠲᠠ ᠲᠠᠭᠠᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠂ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠬᠡᠷᠡᠭᠲᠡᠢ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠶᠢ ᠡᠭᠦᠳᠦᠭᠰᠡᠨ ᠪᠠᠶᠢᠨ᠎ᠠ ᠂ ᠡᠨᠡ ᠪᠣᠯ ᠥᠷᠥᠨᠡᠳᠠᠬᠢᠨ ᠤ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠪᠠ ᠦᠢᠯᠡᠳᠦᠯᠭᠡ ᠶᠢᠨ ᠴᠢᠬᠤᠯᠠ ᠶᠡᠭᠡ ᠳᠠᠪᠠᠯᠲᠠ ᠮᠥᠨ ᠂ ᠪᠢᠳᠡ ︽ ᠲᠦᠷᠪᠡᠨ ᠢᠲᠡᠭᠡᠯ ︾ ᠢᠶᠠᠨ ᠨᠡᠩ ᠪᠠᠲᠤᠳᠬᠠᠵᠤ ᠂ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠡᠨᠡ ᠬᠦ ᠰᠠᠷᠠᠭᠤᠯ ᠳᠠᠷᠳᠠᠩ ᠵᠠᠮ ᠢᠶᠠᠷ ᠭᠤᠶᠢᠪᠢᠰᠢ ᠦᠭᠡᠢ ᠲᠣᠮᠣ ᠠᠯᠬᠤᠮ ᠢᠶᠠᠷ ᠤᠷᠤᠭᠰᠢᠯᠠᠬᠤ ᠬᠡᠷᠡᠭᠲᠡᠢ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠵᠥᠪᠭᠡᠨ ᠬᠢᠵᠦ ᠪᠠᠶᠢᠭᠠᠳ ᠪᠦᠲᠦᠭᠡᠨ᠎ᠡ ᠂ ᠤᠷᠤᠭᠰᠢᠯᠠᠯᠲᠠ ᠶᠢᠨ ᠵᠠᠮ ᠳᠡᠭᠡᠷ᠎ᠡ ᠪᠢᠳᠡ ᠠᠤᠭ᠎ᠠ ᠰᠠᠨᠠᠭ᠎ᠠ ᠡᠷᠡᠯᠬᠡᠭ ᠵᠣᠷᠢᠭ ᠲᠠᠢ ᠪᠠᠶᠢᠬᠤ ᠪᠥᠭᠡᠳ ᠨᠡᠩ ᠴᠤ ᠯᠠᠪᠳᠠᠭᠤᠨ ᠪᠠᠲᠤᠲᠠᠢ ᠠᠵᠢᠯᠯᠠᠬᠤ ᠬᠡᠷᠡᠭᠲᠡᠢ ᠂ ᠪᠣᠳᠠᠲᠠᠢ ᠠᠴᠠ ᠰᠠᠯᠵᠤ ᠬᠡᠢ ᠬᠤᠭᠤᠰᠤᠨ ᠢ ᠰᠡᠳᠭᠢᠭᠦ ᠦᠭᠡᠢ ᠂ ᠬᠡᠶᠢᠰᠪᠦᠷᠢ ᠶᠠᠭᠤᠮ᠎ᠠ ᠶᠢ ᠬᠥᠭᠡᠭᠡᠴᠡᠯᠳᠦᠬᠦ ᠦᠭᠡᠢ ᠪᠠᠶᠢᠵᠤ ᠂ ᠪᠣᠳᠠᠲᠤ ᠪᠠᠶᠢᠳᠠᠯ ᠢ ᠠᠵᠢᠭᠯᠠᠵᠤ ᠂ ᠪᠣᠳᠠᠲᠠᠢ ᠠᠷᠭ᠎ᠠ ᠭᠠᠷᠭᠠᠵᠤ ᠂ ᠪᠣᠳᠠᠲᠤ ᠶᠠᠪᠤᠳᠠᠯ ᠬᠢᠵᠦ ᠂ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠬᠡᠷᠡᠭᠲᠡᠢ ᠃ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠬᠤ ᠤᠷᠢᠲᠠᠯ ᠳᠣᠣᠷ᠎ᠠ ᠂ ᠪᠣᠳᠠᠲᠤ ᠪᠠᠶᠢᠳᠠᠯ ᠳᠤ ᠰᠠᠭᠤᠷᠢᠯᠠᠨ ᠠᠵᠢᠯ ᠢᠶᠠᠨ ᠪᠦᠲᠦᠭᠡᠯᠴᠢ ᠴᠢᠨᠠᠷᠲᠠᠢ ᠪᠠᠷ ᠥᠷᠨᠢᠭᠦᠯᠬᠦ ᠬᠡᠷᠡᠭᠲᠡᠢ ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠵᠣᠷᠢᠭᠲᠠᠢ ᠪᠠᠷ ᠬᠦᠴᠢᠷ ᠪᠡᠷᠬᠡᠰᠢᠶᠡᠯ ᠲᠠᠢ ᠠᠰᠠᠭᠤᠳᠠᠯ ᠢ ᠰᠢᠢᠳᠪᠦᠷᠢᠯᠡᠵᠦ ᠂ ᠠᠭᠤᠯᠠ ᠲᠠᠭᠠᠷᠠᠪᠠᠯ ᠵᠠᠮ ᠨᠡᠭᠡᠭᠡᠵᠦ ᠂ ᠤᠰᠤ ᠲᠠᠭᠠᠷᠠᠪᠠᠯ ᠬᠥᠭᠦᠷᠭᠡ ᠲᠠᠯᠪᠢᠵᠤ ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠢᠯᠡᠷᠡᠭᠦᠯᠭᠦ ᠬᠡᠷᠡᠭᠲᠡᠢ ᠭᠡᠵᠦ ᠬᠡᠯᠡᠪᠡ ᠃
ᠰᠦᠨ ᠱᠤᠤ ᠴᠧᠩ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠠᠭᠤᠰᠤᠯᠴᠠᠭᠤᠯᠤᠨ ᠨᠠᠪᠲᠠᠷᠡᠭᠦᠯᠵᠦ ᠂ ᠣᠷᠣᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠤᠷᠤᠯᠴᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠶᠢ ᠨᠡᠩ ᠰᠠᠶᠢᠲᠤᠷ ᠵᠢᠯᠣᠭᠤᠳᠤᠭᠤᠯᠬᠤ ᠬᠡᠷᠡᠭᠲᠡᠢ ᠃ ︽ ᠬᠤᠶᠠᠷ ᠲᠣᠮᠣ ᠶᠠᠪᠤᠳᠠᠯ ︾ ᠢ ᠰᠠᠶᠢᠲᠤᠷ ᠬᠢᠬᠦ ᠶᠢᠨ ᠬᠠᠮᠲᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠬᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠪᠠᠷ ᠬᠥᠭᠵᠢᠭᠦᠯᠬᠦ ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠂ ᠰᠤᠷᠲᠠᠯ ᠢ ᠴᠡᠭᠴᠡᠯᠡᠨ ᠢᠯᠵᠠᠷᠠᠯ ᠢ ᠡᠰᠡᠷᠭᠦᠴᠡᠬᠦ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠵᠡᠷᠭᠡ ᠲᠠᠯ᠎ᠠ ᠶᠢᠨ ᠴᠢᠬᠤᠯᠠ ᠥᠭᠦᠯᠡᠯᠲᠡ ᠪᠠ ᠵᠢᠭᠠᠪᠤᠷᠢ ᠱᠠᠭᠠᠷᠳᠠᠯᠭ᠎ᠠ ᠶᠢ ᠴᠢᠨᠠᠭᠰᠢᠳᠠ ᠭᠦᠨᠵᠡᠭᠡᠢ ᠣᠶᠢᠯᠠᠭᠠᠵᠤ ᠂ ᠪᠦᠬᠦᠯᠢ ᠴᠣᠭᠴᠠ ᠪᠠᠷ ᠨᠢ ᠡᠵᠡᠮᠳᠡᠵᠦ ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ ᠃
ᠰᠦᠨ ᠱᠤᠤ ᠴᠧᠩ ᠪᠠᠰᠠ ᠰᠤᠷᠤᠯᠭᠠᠲᠠᠳ ᠲᠤ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠤᠷᠤᠯᠴᠠᠯᠭ᠎ᠠ ᠶᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠴᠠᠢ ᠃
ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠢ ᠂ ᠠᠷᠠᠳ ᠤᠨ ᠪᠦᠯᠭᠦᠮ ᠂ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠂ ᠰᠢᠭᠤᠳ ᠬᠠᠷᠢᠶ᠎ᠠ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ ᠂ ᠨᠠᠮ ᠤᠨ ᠰᠤᠷᠭᠠᠭᠤᠯᠢ ᠶᠢᠨ ᠬᠤᠯᠪᠣᠭᠳᠠᠯ ᠪᠦᠬᠦᠢ ᠠᠩᠭᠢ ᠶᠢᠨ ᠰᠤᠷᠤᠯᠭᠠᠲᠠᠳ ᠣᠷᠣᠯᠴᠠᠵᠠᠢ ᠃