ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠬᠠᠪᠤᠷ ᠤᠨ ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠢ ᠲᠥᠪᠯᠡᠷᠡᠭᠦᠯᠦᠨ ᠪᠠᠷᠢᠯᠭ᠎ᠠ ᠡᠬᠢᠯᠡᠭᠦᠯᠪᠡ      ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2023/3/20

      3 ᠰᠠᠷ᠎ᠠ ᠶᠢᠨ 18᠎ ᠤ ᠡᠳᠦᠷ ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ 2023 ᠣᠨ ᠤ ᠬᠠᠪᠤᠷ ᠤᠨ ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠢ ᠲᠥᠪᠯᠡᠷᠡᠭᠦᠯᠦᠨ ᠪᠠᠷᠢᠯᠭ᠎ᠠ ᠡᠭᠢᠯᠡᠭᠦᠯᠭᠦ ᠶᠣᠰᠣᠯᠠᠯ ᠶᠠᠪᠤᠭᠤᠯᠪᠠ ᠃ ᠸᠠᠩ ᠯᠢ ᠰᠢᠶᠠ ᠣᠷᠣᠯᠴᠠᠬᠰᠠᠨ ᠪᠥᠭᠡᠳ ᠪᠠᠷᠢᠯᠭ᠎ᠠ ᠡᠬᠢᠯᠡᠭᠰᠡᠨ ᠢ ᠵᠠᠷᠯᠠᠵᠠᠢ ᠃

内蒙能源1.jpg

      ᠪᠠᠷᠢᠯᠭ᠎ᠠ ᠡᠭᠢᠯᠡᠭᠦ ᠶᠣᠰᠣᠯᠠᠯ ᠤᠨ ᠭᠤᠣᠯ ᠬᠤᠷᠠᠯ ᠤᠨ ᠲᠠᠯᠠᠪᠠᠶ ᠶᠢ ᠭᠦᠭᠡᠬᠤᠲᠠ ᠳᠤ ᠲᠣᠬᠢᠷᠠᠭᠤᠯᠵᠤ ᠂ ᠰᠢᠯᠢ ᠶᠢᠨ ᠭᠤᠣᠯ ᠠᠶᠢᠮᠠᠭ ᠂ ᠤᠯᠠᠭᠠᠨᠴᠠᠪ ᠬᠤᠲᠠ ᠂ ᠣᠷᠳᠣᠰ ᠬᠤᠲᠠ ᠂ ᠪᠠᠶᠠᠨᠨᠠᠭᠤᠷ ᠬᠤᠲᠠ ᠳᠤ ᠲᠣᠰ ᠲᠣᠰ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ ᠃ ᠲᠣᠰ ᠤᠳᠠᠭ᠎ᠠ ᠶᠢᠨ ᠲᠥᠪᠯᠡᠷᠡᠭᠦᠯᠦᠨ ᠪᠠᠷᠢᠯᠭ᠎ᠠ ᠡᠬᠢᠯᠡᠭᠦᠯᠦᠭᠰᠡᠨ ᠲᠦᠷᠦᠯ ᠵᠦᠢᠯ ᠨᠢ 6 ᠰᠢᠨ᠎ᠡ ᠡᠨᠧᠷᠭᠢ ᠶᠢᠨ ᠲᠥᠷᠥᠯ ᠵᠦᠢᠯ ᠪᠠ 2 ᠭᠡᠲᠦ ᠵᠠᠭᠠᠭ ᠤᠨ ᠢᠯᠴᠢ ᠶᠢᠨ ᠴᠠᠭᠢᠯᠭᠠᠨ ᠤ ᠲᠥᠷᠥᠯ ᠵᠦᠢᠯ ᠳᠤ ᠬᠤᠯᠪᠣᠭᠳᠠᠵᠤ ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 1070 ᠲᠦᠮᠡᠨ ᠺᠢᠯᠣᠸᠠᠲ ᠲᠤ ᠬᠦᠷᠴᠦ ᠂ ᠶᠡᠷᠦᠩᠬᠡᠢ ᠪᠡᠯᠡ ᠣᠷᠣᠭᠤᠯᠤᠯᠲᠠ ᠨᠢ 506 ᠳ᠋ᠦᠩᠰᠢᠭᠤᠷ ᠲᠥᠭᠦᠷᠢᠭ ᠪᠠᠶᠢᠵᠤ ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ ᠳᠠᠭᠢᠨ ᠨᠢᠭᠡ ᠡᠨᠧᠷᠭᠢ ᠶᠢᠨ ᠪᠦᠯᠦᠭᠯᠡᠯ ᠢ ᠪᠠᠶᠢᠭᠤᠯᠤᠭᠰᠠᠨ ᠲᠠᠢ ᠲᠡᠩᠴᠡᠵᠦ ᠂ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠤᠯᠤᠰ ᠤᠨ ᠥᠮᠴᠢᠯᠠᠯ ᠤᠨ ᠠᠵᠤ ᠠᠬᠤᠶᠢᠯᠠᠯ ᠤᠨ ᠨᠢᠭᠡᠯᠡ ᠳᠡᠭᠡᠷ᠎ᠡ ᠪᠠᠷᠢᠯᠭ᠎ᠠ ᠡᠬᠢᠯᠡᠭᠦᠯᠦᠭᠰᠡᠨ ᠬᠡᠪᠴᠢᠶ᠎ᠡ ᠪᠠᠷ ᠬᠠᠮᠤᠭ ᠤᠨ ᠶᠡᠭᠡ ᠂ ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠬᠠᠮᠤᠭ ᠤᠨ ᠣᠯᠠᠨ ᠲᠡᠦᠬᠡᠨ ᠲᠡᠮᠳᠡᠭᠯᠡᠯ ᠢ ᠡᠭᠦᠳᠴᠦ ᠂ ᠥᠪᠡᠷᠲᠡᠭᠡᠨ ᠵᠠᠰᠠᠬᠤ ᠣᠷᠣᠨ ᠠᠴᠠ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠬᠤ ᠢᠲᠡᠭᠡᠯ ᠵᠣᠷᠢᠭ ᠢ ᠭᠦᠢᠴᠡᠳ ᠢᠯᠡᠷᠡᠭᠦᠯᠪᠡ ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ ᠡᠵᠡᠩᠨᠡᠭᠰᠡᠨ ᠤ ᠳᠠᠷᠠᠭ᠎ᠠ ᠂ ᠵᠢᠯ ᠤᠨ ᠴᠠᠭᠢᠯᠭᠠᠨ ᠭᠠᠷᠭᠠᠬᠤ ᠬᠡᠮᠵᠢᠶ᠎ᠡ 380 ᠳ᠋ᠦᠩᠰᠢᠭᠤᠷ ᠺᠢᠯᠣᠸᠠᠲ ᠴᠠᠭ ᠲᠤ ᠬᠦᠷᠴᠦ ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 1500 ᠭᠠᠷᠤᠢ ᠲᠦᠮᠡᠨ ᠲᠣᠨ ᠪᠠᠭᠠᠰᠬᠠᠨ ᠂ ᠪᠠᠷᠢᠮᠵᠢᠶᠠᠲᠤ ᠨᠡᠭᠦᠷᠡᠰᠦ ᠶᠢ 540 ᠲᠦᠮᠡᠨ ᠲᠣᠨ ᠠᠷᠪᠢᠯᠠᠬᠤ ᠪᠣᠯᠣᠨ᠎ᠠ 

内蒙能源2.jpg

 

      ᠣᠶᠢᠷ᠎ᠠ ᠶᠢᠨ ᠵᠢᠯ ᠤᠳ ᠲᠤ ᠂ ᠥᠪᠡᠷᠲᠡᠭᠡᠨ ᠵᠠᠰᠠᠬᠤ ᠣᠷᠣᠨ ︽ ᠤᠯᠤᠰ ᠤᠨ ᠠᠩᠭᠢ ︾᠎ ᠶᠢᠨ ᠪᠠᠷᠢᠮᠵᠢᠶ᠎ᠠ ᠪᠠᠷ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠦᠲᠦᠭᠡᠨ ᠪᠠᠶᠢᠭᠤᠯᠵᠤ ᠂ ᠡᠨᠧᠷᠭᠢ ᠶᠢ ᠨᠡᠭᠡᠭᠡᠨ ᠬᠥᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠵᠦ ᠂ ᠡᠨᠧᠷᠭᠢ ᠶᠢᠨ ᠪᠦᠯᠦᠭᠯᠡᠯ ᠤᠨ ᠤᠯᠠᠮ ᠴᠢᠨᠠᠭᠰᠢᠳᠠ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ ᠲᠡᠮᠵᠢᠵᠦ ᠂ ︽ ᠥᠪᠥᠷ ᠮᠣᠩᠭᠤᠯ ︾ ᠨᠡᠷᠡᠮᠵᠢᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠢᠭᠰᠠᠭᠠᠯ ᠤᠨ ᠰᠢᠨ᠎ᠡ ᠬᠡᠪ ᠳᠠᠭᠤᠷᠢᠶᠠᠯ ᠪᠣᠯᠤᠭᠰᠠᠨ ᠪᠠᠶᠢᠨ᠎ᠠ ᠃

内蒙能源3.jpg

 

      ᠪᠦᠦ ᠭᠠᠩ ᠂ ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ