|
︽ᠥᠪᠥᠷ ᠮᠣᠩᠭᠤᠯ ᠨᠠᠷᠠᠮᠵᠢᠳᠤ︾ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠢᠭᠰᠠᠭᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤᠮᠳᠠ ᠡᠮᠦᠨ᠎ᠡ | ᠨᠢ ᠬᠤᠰᠢᠭᠤᠷᠠᠵᠤ ᠥᠯᠢᠭᠡᠷ ᠳᠠᠭᠤᠷᠢᠶᠠᠯ ᠦᠵᠡᠭᠦᠯᠭᠦ ᠬᠡᠷᠡᠭᠲᠡᠢ ᠸᠠᠩ ᠯᠢ ᠰᠢᠶᠠ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠲᠤᠬᠠᠢ ᠶᠢᠨ | ᠲᠠᠯᠠᠪᠠᠢ ᠳᠤ ᠬᠦᠷᠴᠦ ᠠᠯᠪᠠᠯᠠᠪᠠ |
|
|
ᠨᠡᠶᠢᠲᠡᠯᠡᠭᠰᠡᠨ ᠴᠠᠭ᠄
2023/3/20
|
|
3 ᠰᠠᠷ᠎ᠠ ᠶᠢᠨ 17 ᠤ ᠡᠳᠦᠷ ᠂ ᠸᠠᠩ ᠯᠢ ᠰᠢᠶᠠ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠲᠤᠬᠠᠢ ᠶᠢᠨ ᠲᠠᠯᠠᠪᠠᠢ ᠳᠤ ᠬᠦᠷᠴᠦ ᠠᠯᠪᠠᠯᠠᠪᠠ ᠃



ᠸᠠᠩ ᠯᠢ ᠰᠢᠶᠠ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠠᠷᠠᠯᠵᠢᠶᠠᠨ ᠤ ᠲᠥᠪ ᠂ ᠴᠠᠭᠢᠯᠭᠠᠨ ᠬᠦᠴᠦᠨ ᠤ ᠲᠣᠬᠢᠷᠠᠭᠤᠯᠤᠯᠲᠠ ᠶᠢᠨ ᠲᠥᠪ ᠲᠤ ᠭᠦᠨᠵᠡᠭᠡᠶᠢᠷᠡᠵᠦ ᠂ ᠴᠠᠭᠢᠯᠭᠠᠨ ᠬᠦᠴᠦᠨ ᠤ ᠠᠷᠠᠯᠵᠢᠶ᠎ᠠ ᠂ ᠲᠣᠮᠣ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠪᠠ ᠬᠤᠸᠠᠢ ᠷᠧᠦ ᠲᠤᠷᠰᠢᠯᠲᠠ ᠶᠢᠨ ᠲᠠᠰᠤᠭ ᠤᠨ ᠨᠠᠶᠢᠳᠠᠪᠤᠷᠢᠵᠢᠭᠤᠯᠤᠯᠲᠠ ᠶᠢ ᠲᠡᠮᠡᠴᠡᠨ ᠣᠯᠬᠤ ᠠᠵᠢᠯ ᠤᠨ ᠪᠠᠶᠢᠳᠠᠯ ᠢ ᠣᠶᠢᠯᠠᠭᠠᠵᠤ ᠂ ᠡᠨᠧᠷᠭᠢ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠂ ᠴᠠᠭᠢᠯᠭᠠᠨ ᠲᠣᠣᠷ ᠤᠨ ᠲᠣᠬᠢᠷᠠᠭᠤᠯᠤᠨ ᠠᠵᠢᠯᠯᠠᠭᠤᠯᠬᠤ ᠠᠷᠭ᠎ᠠ ᠭᠡᠯᠪᠡᠷᠢ ᠪᠣᠯᠣᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠭᠦᠢᠴᠡᠳᠬᠡᠯ ᠲᠤᠭ᠎ᠠ ᠶᠢ ᠪᠠᠶᠢᠴᠠᠭᠠᠨ ᠦᠵᠡᠪᠡ ᠃

ᠳᠠᠷᠠᠭ᠎ᠠ ᠨᠢ ᠂ ᠸᠠᠩ ᠯᠢ ᠰᠢᠶᠠ ᠴᠠᠭᠢᠯᠭᠠᠨ ᠬᠦᠴᠦᠨ ᠤ ᠪᠦᠯᠦᠭᠯᠡᠯ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤ ᠰᠠᠭᠤᠵᠤ ᠂ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠥᠭᠵᠢᠯᠲᠡ ᠶᠢᠨ ᠰᠡᠳᠬᠢᠮᠵᠢ ᠶᠢ ᠰᠤᠳᠤᠯᠪᠠ ᠃ ᠲᠡᠷᠡ ᠂ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠪᠣᠯ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠶᠡᠭᠡ ᠡᠨᠧᠷᠭᠢ ᠶᠢᠨ ᠠᠵᠤ ᠠᠬᠤᠶᠢᠯᠠᠯ ᠪᠣᠯᠣᠨ᠎ᠠ ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠳᠤ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ ᠂ ᠡᠷᠬᠡᠪᠰᠢ ᠬᠥᠭᠵᠢᠯᠲᠡ ᠶᠢ ᠲᠦᠷᠭᠡᠳᠬᠡᠬᠦ ᠂ ᠴᠢᠨᠠᠷ ᠰᠠᠶᠢᠲᠠᠢ ᠬᠥᠭᠵᠢᠭᠦᠯᠬᠦ ᠡᠭᠦᠷᠭᠡᠲᠦ ᠰᠡᠳᠬᠢᠯᠭᠡ ᠪᠠ ᠲᠤᠯᠭᠠᠮ ᠪᠤᠳᠤᠯ ᠢ ᠪᠤᠢ ᠪᠤᠯᠭᠠᠵᠤ ᠂ ︽ ᠥᠪᠥᠷ ᠮᠣᠩᠭᠤᠯ ᠨᠡᠷᠡᠮᠵᠢᠳᠤ ︾ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠢᠭᠰᠠᠭᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤᠮᠳᠠ ᠡᠮᠦᠨ᠎ᠡ ᠨᠢ ᠬᠤᠰᠢᠭᠤᠷᠠᠵᠤ ᠂ ᠦᠯᠢᠭᠡᠷ ᠳᠠᠭᠤᠷᠢᠶᠠᠯ ᠦᠵᠡᠭᠦᠯᠭᠦ ᠬᠡᠷᠡᠭᠲᠡᠢ ᠃ ᠤᠯᠤᠰ ᠲᠦᠷᠦ ᠶᠢ ᠡᠷᠬᠢᠮᠯᠡᠵᠦ ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠂ ᠪᠦᠭᠦ ᠤᠯᠤᠰ ᠤᠨ ᠶᠡᠭᠡ ᠲᠠᠯ᠎ᠠ ᠶᠢ ᠪᠦᠭᠦ ᠬᠦᠴᠦᠨ ᠢᠶᠠᠷ ᠢᠶᠠᠨ ᠪᠠᠲᠤᠯᠠᠵᠤ ᠂ ᠠᠵᠤ ᠠᠬᠤᠶᠢᠯᠠᠯ ᠪᠣᠯᠣᠨ ᠰᠠᠭᠤᠭᠠᠯᠢ ᠠᠷᠠᠳ ᠤᠨ ᠴᠠᠭᠢᠯᠭᠠᠨ ᠤ ᠬᠡᠷᠡᠭᠯᠡᠯᠲᠡ ᠶᠢ ᠪᠠᠲᠤᠯᠠᠵᠤ ᠂ ᠴᠠᠭᠢᠯᠭᠠᠨ ᠲᠣᠣᠷ ᠤᠨ ᠠᠮᠤᠷ ᠲᠦᠪᠰᠢᠨ ᠢ ᠪᠠᠲᠤᠯᠠᠵᠤ ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ ᠬᠤᠪᠢ ᠨᠡᠮᠡᠷᠢ ᠦᠵᠡᠭᠦᠯᠭᠦ ᠬᠡᠷᠡᠭᠲᠡᠢ ᠃ ᠲᠦᠷᠦᠯ ᠵᠦᠢᠯ ᠢ ᠠᠳᠬᠤᠵᠤ ᠂ ᠲᠦᠷᠭᠡᠨ ᠬᠥᠭᠵᠢᠭᠦᠯᠵᠦ ᠂ ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ ᠂ ᠵᠠᠰᠠᠭ ᠤᠨ ᠣᠷᠳᠣᠨ ᠬᠦᠴᠦᠯᠡᠨ ᠴᠢᠷᠮᠠᠶᠢᠵᠤ ᠂ ᠬᠠᠮᠲᠤᠷᠠᠯ ᠬᠦᠴᠦᠨ ᠢ ᠪᠦᠷᠢᠯᠳᠦᠭᠦᠯᠵᠦ ᠂ ᠲᠦᠷᠭᠡᠨ ᠡᠬᠢᠯᠡᠭᠦᠯᠦᠨ ᠲᠦᠷᠭᠡᠨ ᠪᠠᠶᠢᠭᠤᠯᠵᠤ ᠂ ᠲᠥᠯᠥᠪᠵᠢᠭᠦᠯᠦᠨ ᠲᠣᠭᠲᠠᠭᠠᠭᠰᠠᠨ ᠲᠦᠷᠦᠯ ᠵᠦᠢᠯ ᠢ ᠲᠦᠷᠭᠡᠨ ᠠᠬᠢᠭᠤᠯᠵᠤ ᠂ ᠢᠯᠠᠩᠭᠤᠶ᠎ᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤᠮᠳᠠ ᠪᠦᠭᠦ ᠣᠷᠣᠨ ᠤ ᠬᠥᠭᠵᠢᠯᠲᠡ ᠳᠤ ᠰᠢᠨ᠎ᠡ ᠠᠵᠠ ᠲᠣᠭᠢᠶᠠᠯ ᠢ ᠡᠭᠦᠳᠴᠦ ᠂ ᠰᠢᠨ᠎ᠡ ᠣᠷᠣᠨ ᠵᠠᠢ ᠶᠢ ᠨᠡᠭᠡᠭᠡᠨ ᠥᠭᠬᠦ ᠬᠡᠷᠡᠭᠲᠡᠢ ᠃ ᠥᠭᠡᠷᠡᠴᠢᠯᠡᠯᠲᠡ ᠶᠢ ᠠᠳᠬᠤᠵᠤ ᠂ ᠲᠡᠷᠢᠭᠦᠨ ᠤ ᠬᠢ ᠶᠢ ᠡᠭᠦᠳᠴᠦ ᠂ ᠳᠡᠯᠡᠬᠡᠢ ᠶᠢᠨ ᠲᠡᠷᠢᠭᠦᠨ ᠤ ᠠᠵᠤ ᠠᠬᠤᠶᠢᠯᠠᠯ ᠢ ᠪᠠᠶᠢᠭᠤᠯᠬᠤ ᠬᠠᠷᠠᠯᠲᠠ ᠶᠢ ᠣᠨᠢᠯᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠴᠠᠭᠢᠯᠭᠠᠨ ᠬᠦᠴᠦᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠂ ᠥᠪᠥᠷ ᠮᠣᠩᠭᠤᠯ ᠤᠨ ᠪᠦᠭᠦ ᠤᠯᠤᠰ ᠲᠤ ᠲᠦᠷᠦᠭᠦᠯᠡᠨ ︽ ᠪᠣᠬᠢᠷᠳᠤᠯ ᠦᠭᠡᠢ ᠣᠷᠣᠨ ︾ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠭᠦ ᠬᠡᠷᠡᠭᠲᠡᠢ ᠃ ᠨᠠᠮ ᠤᠨ ᠪᠠᠶᠢᠭᠤᠯᠤᠯᠲᠠ ᠶᠢ ᠠᠳᠬᠤᠵᠤ ᠂ ᠰᠤᠷᠲᠠᠯ ᠢ ᠴᠢᠩᠭᠠᠳᠬᠠᠨ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠪᠠᠶᠢᠭᠤᠯᠤᠯᠲᠠ ᠶᠢ ᠴᠢᠩᠭᠠᠳᠬᠠᠨ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ ᠃ ᠬᠤᠸᠠᠩ ᡁᠢ ᠴᠢᠶᠠᠩ ᠂ ᠪᠠᠢ ᠴᠢᠩ ᠶᠤᠸᠠᠨ ᠂ ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠵᠠᠢ ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|