ᠵᠥᠪᠯᠡᠯᠴᠡᠭᠡᠷ ᠲᠣᠭᠲᠠᠭᠰᠠᠨ ᠬᠡᠮᠵᠢᠶ᠎ᠡ 2400 ᠳ᠋ᠦᠩᠰᠢᠭᠤᠷ ᠲᠥᠭᠦᠷᠢᠭ ᠢ ᠳᠠᠪᠠᠪᠠ -ᠥᠪᠥᠷ ᠮᠣᠩᠭᠤᠯ ᠪᠡᠭᠡᠵᠢᠩ ᠳᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠬᠢᠬᠦ ᠶᠢᠨ ᠬᠠᠮᠲᠤ ᠲᠥᠷᠥᠯ ᠵᠦᠢᠯ ᠤᠨ ᠵᠥᠪᠯᠡᠯᠴᠡᠭᠡᠷ ᠲᠣᠭᠲᠠᠪᠠ  ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2023/3/21

      3 ᠰᠠᠷ᠎ᠠ ᠶᠢᠨ 20  ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠡᠭᠡᠵᠢᠩ ᠳᠤ ᠲᠥᠪ ᠤᠨ ᠠᠵᠤ ᠠᠬᠤᠶᠢᠯᠠᠯ ᠯᠤᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠶᠠᠷᠢᠯᠴᠠᠬᠤ ᠶᠢᠨ ᠬᠠᠮᠲᠤ ᠪᠡᠭᠡᠵᠢᠩ ᠲᠢᠶᠠᠨᠵᠢᠨ ᠾᠧᠪᠧᠢ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠵᠢᠴᠢ ᠲᠦᠷᠦᠯ ᠵᠦᠢᠯ ᠤᠨ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠶᠣᠰᠣᠯᠠᠯ ᠳᠤ ᠣᠷᠣᠯᠴᠠᠪᠠ ᠃

1.jpg

 

     30 ᠭᠠᠷᠤᠢ ᠲᠥᠪ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠵᠤ ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠵᠡᠷᠭᠡ ᠲᠥᠪ ᠤᠨ 10 ᠠᠵᠤ ᠠᠬᠤᠶᠢᠯᠠᠯ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠰᠣᠯᠢᠯᠴᠠᠵᠤ ᠂ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠨᠢᠭᠡᠳ ᠨᠢᠭᠡ ᠪᠠᠷ ᠬᠠᠷᠢᠭᠤᠯᠲᠠ ᠥᠭᠪᠡ ᠃


2.jpg


      ᠸᠠᠩ ᠯᠢ ᠰᠢᠶᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠪᠣᠯ ᠥᠪᠥᠷ ᠮᠣᠩᠭᠤᠯ ᠪᠣᠯᠣᠨ ᠲᠥᠪ ᠤᠨ ᠠᠵᠤ ᠠᠬᠤᠶᠢᠯᠠᠯ ᠤᠨ ᠬᠠᠮᠲᠤ ᠶᠢᠨ ᠬᠠᠷᠢᠭᠤᠴᠠᠯᠭ᠎ᠠ ᠡᠭᠦᠷᠭᠡ ᠪᠣᠯᠣᠨ᠎ᠠ ᠃ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠮᠠᠰᠢ ᠴᠢᠬᠤᠯᠠ ᠨᠢᠭᠡ ᠵᠦᠢᠯ ᠪᠣᠯ ︽ ᠲᠥᠪ ᠤᠨ ᠠᠵᠤ ᠠᠬᠤᠶᠢᠯᠠᠯ ᠲᠠᠢ ᠬᠠᠮᠲᠤ ᠪᠠᠷ ᠪᠥᠵᠢᠭᠯᠡᠵᠦ ︾ ᠂ ︽ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠨᠠᠶᠢᠷᠠᠯ ᠳᠠᠭᠤᠤ ᠳᠠᠭᠤᠯᠠᠬᠤ ︾ ᠶᠠᠪᠤᠳᠠᠯ ᠪᠣᠯᠣᠨ᠎ᠠ ᠃ ᠰᠢᠨ᠎ᠡ ᠴᠠᠭ ᠦᠶ᠎ᠡ ᠶᠢᠨ ᠨᠠᠮ ᠤᠨ ᠲᠥᠪ ᠬᠤᠷᠢᠶ᠎ᠠ ᠶᠢᠨ ᠬᠠᠶᠢᠷ᠎ᠠ ᠬᠠᠯᠠᠮᠵᠢ ᠪᠣᠯ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠭᠦᠨᠵᠡᠭᠡᠶᠢᠷᠡᠭᠦᠯᠬᠦ ᠦᠨᠳᠦᠰᠦᠨ ᠲᠦᠰᠢᠭ ᠮᠥᠨ ᠂ ᠬᠠᠮᠲᠤ ᠪᠠᠷ ᠠᠰᠢᠭ ᠬᠦᠷᠲᠡᠵᠦ ᠬᠠᠮᠲᠤ ᠪᠠᠷ ᠴᠡᠴᠡᠭᠯᠡᠨ ᠭᠦᠭᠵᠢᠭᠦ ᠢᠯᠡᠳᠲᠡ ᠳᠠᠪᠠᠭᠤᠯᠢᠭ ᠪᠣᠯ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠭᠦᠨᠵᠡᠭᠡᠶᠢᠷᠡᠭᠦᠯᠬᠦ ᠪᠠᠲᠤ ᠪᠠᠬᠢ ᠰᠠᠭᠤᠷᠢ ᠮᠥᠨ ᠂ ᠴᠢᠨᠠᠷ ᠰᠠᠶᠢᠲᠠᠢ ᠬᠥᠭᠵᠢᠯᠲᠡ ᠶᠢᠨ ᠰᠠᠷᠠᠭᠤᠯ ᠢᠷᠡᠭᠡᠳᠦᠢ ᠪᠣᠯ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠭᠦᠨᠵᠡᠭᠡᠶᠢᠷᠡᠭᠦᠯᠬᠦ ᠲᠠᠲᠠᠭᠤᠷᠠᠰᠢ ᠦᠭᠡᠢ ᠬᠥᠳᠡᠯᠭᠡᠭᠦ ᠬᠦᠴᠦᠨ ᠮᠥᠨ ᠂ ᠥᠪᠥᠷ ᠮᠣᠩᠭᠤᠯ ᠤᠨ ᠡᠬᠢ ᠪᠠᠶᠠᠯᠢᠭ ᠂ ᠣᠷᠣᠨ ᠪᠠᠶᠢᠷᠢ ᠂ ᠪᠣᠬᠢᠷᠳᠤᠯ ᠦᠭᠡᠢ ᠴᠠᠭᠢᠯᠭᠠᠨ ᠂ ᠬᠥᠭᠵᠢᠯᠲᠡ ᠶᠢᠨ ᠳᠠᠪᠠᠭᠤᠯᠢᠭ ᠲᠠᠢ ᠨᠢᠭᠲᠠ ᠤᠶᠠᠯᠳᠤᠭᠤᠯᠤᠨ ᠂ ᠡᠨᠧᠷᠭᠢ ᠶᠢᠨ ᠠᠵᠤ ᠠᠬᠤᠢ ᠂ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠂ ᠲᠣᠭᠠᠴᠢᠯᠠᠭᠰᠠᠨ ᠠᠵᠤ ᠠᠬᠤᠢ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠥᠷᠭᠡᠨ ᠣᠯᠠᠨ ᠠᠵᠤ ᠠᠬᠤᠶᠢᠯᠠᠯ ᠢ ᠠᠩᠬᠠᠷᠤᠯ ᠢᠶᠠᠨ ᠲᠥᠪᠯᠡᠷᠡᠭᠦᠯᠵᠦ ᠂ ᠥᠪᠥᠷ ᠮᠣᠩᠭᠤᠯ ᠳᠤ ᠪᠡᠯᠡ ᠣᠷᠣᠭᠤᠯᠵᠤ ᠂ ᠥᠪᠥᠷ ᠮᠣᠩᠭᠤᠯ ᠳᠤ ᠠᠭᠤᠰᠤᠯᠴᠠᠬᠤ ᠶᠢ ᠬᠦᠰᠡᠵᠦ ᠪᠠᠶᠢᠨ᠎ᠠ ᠃ ᠪᠢᠳᠡ ᠬᠠᠮᠤᠭ ᠤᠨ ᠦᠨᠡᠨᠴᠢ ᠰᠡᠳᠬᠢᠯ ᠂ ᠬᠠᠮᠤᠭ ᠤᠨ ᠶᠡᠭᠡ ᠬᠦᠴᠦᠨ ᠢᠶᠠᠷ ᠭᠠᠷ ᠬᠤᠯᠪᠣᠨ ᠭᠦᠭᠵᠢᠭᠦ ᠳᠤ ᠨᠡᠩ ᠰᠢᠯᠢᠳᠡᠭ ᠦᠢᠯᠡᠴᠢᠯᠡᠭᠡ ᠂ ᠨᠡᠩ ᠰᠠᠶᠢᠨ ᠣᠷᠴᠢᠨ ᠨᠥᠬᠦᠴᠡᠯ ᠢ ᠬᠠᠩᠭᠠᠵᠤ ᠂ ᠠᠵᠤ ᠠᠬᠤᠶᠢᠯᠠᠯ ᠢ ᠲᠠᠯ᠎ᠠ ᠨᠤᠲᠤᠭ ᠲᠤ ᠦᠨᠳᠦᠰᠦᠯᠡᠭᠦᠯᠵᠦ ᠂ ᠳᠡᠯᠡᠬᠡᠢ ᠳᠠᠶᠠᠭᠠᠷ ᠬᠥᠭᠵᠢᠭᠦᠯᠦᠨ᠎ᠡ ᠭᠡᠵᠦ ᠬᠡᠯᠡᠪᠡ ᠃


3.jpg


      200 ᠰᠢᠬᠠᠮ ᠠᠵᠤ ᠠᠬᠤᠶᠢᠯᠠᠯ ᠲᠣᠰ ᠤᠳᠠᠭᠠᠨ ᠤ ᠲᠠᠨᠢᠯᠴᠠᠭᠤᠯᠭ᠎ᠠ ᠵᠢᠴᠢ ᠲᠥᠷᠥᠯ ᠵᠦᠢᠯ ᠤᠨ ᠵᠥᠪᠯᠡᠯᠴᠡᠭᠡᠷ ᠲᠣᠭᠲᠠᠬᠤ ᠳᠤ ᠣᠷᠣᠯᠴᠠᠪᠠ ᠂ ᠡᠭᠦᠨ ᠳᠤ 78 ᠠᠵᠤ ᠠᠬᠤᠶᠢᠯᠠᠯ 80 ᠲᠥᠷᠥᠯ ᠵᠦᠢᠯ ᠤᠨ ᠵᠥᠪᠯᠡᠯᠴᠡᠭᠡᠷ ᠲᠣᠭᠲᠠᠵᠤ ᠂ ᠶᠡᠷᠦᠩᠬᠡᠢ ᠬᠡᠮᠵᠢᠶ᠎ᠡ ᠨᠢ 2400 ᠳ᠋ᠦᠩᠰᠢᠭᠤᠷ ᠲᠥᠭᠦᠷᠢᠭ ᠢ ᠳᠠᠪᠠᠵᠠᠢ ᠃ ᠸᠠᠩ ᠯᠢ ᠰᠢᠶᠠ ᠪᠡᠭᠡᠵᠢᠩ ᠲᠢᠶᠠᠨᠵᠢᠨ ᠾᠧᠪᠧᠢ ᠣᠷᠣᠨ ᠤ ᠬᠤᠯᠪᠣᠭᠳᠠᠯ ᠪᠦᠬᠦᠢ ᠬᠤᠳᠠᠯᠳᠤᠭᠠᠴᠢᠳ ᠤᠨ ᠡᠪᠯᠡᠯ ᠵᠢᠴᠢ ᠥᠪᠡᠷᠲᠡᠭᠡᠨ ᠵᠠᠰᠠᠬᠤ ᠣᠷᠣᠨ ᠤ ᠪᠡᠭᠡᠵᠢᠩ ᠳᠤ ᠰᠠᠭᠤᠭ᠎ᠠ ᠠᠯᠪᠠᠨ ᠭᠡᠷ ᠤᠨ ᠬᠠᠷᠢᠭᠤᠴᠠᠯᠭᠠᠲᠠᠨ ᠳᠤ ︽ ᠥᠪᠥᠷ ᠮᠣᠩᠭᠤᠯ ᠤᠨ ᠠᠷᠠᠯᠵᠢᠶᠠᠴᠢᠨ ᠤᠷᠢᠬᠤ ᠡᠯᠴᠢᠨ ᠰᠠᠶᠢᠳ ︾  ᠤᠨ ᠤᠷᠢᠯᠭ᠎ᠠ ᠶᠢᠨ ᠪᠢᠴᠢᠭ ᠂ ︽ ᠭᠠᠳᠠᠨ᠎ᠠ ᠣᠷᠣᠨ ᠤ ᠠᠵᠤ ᠠᠬᠤᠶᠢᠯᠠᠯ ᠤᠨ ᠭᠡᠷ ᠣᠷᠣᠨ ︾ ᠭᠡᠬᠦ ᠫᠠᠶᠢᠰᠠ ᠢᠯᠡᠷᠬᠡᠶᠢᠯᠡᠯ ᠣᠯᠭᠤᠪᠠ ᠃


4.jpg

 

     ᠪᠡᠭᠡᠵᠢᠩ ᠲᠢᠶᠠᠨᠵᠢᠨ ᠾᠧᠪᠧᠢ ᠣᠷᠣᠨ ᠤ ᠠᠷᠠᠯᠵᠢᠶᠠᠴᠢᠨ ᠤᠷᠢᠬᠤ ᠠᠵᠢᠯᠯᠠᠭ᠎ᠠ ᠶᠢᠨ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠪᠠᠰᠠ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠤ 2 ᠲᠠᠯᠠᠪᠠᠢ ︽ ᠭᠠᠷᠴᠤ ᠶᠠᠪᠤᠬᠤ ︾ ᠭᠤᠣᠯᠳᠠᠯᠭ᠎ᠠ ᠲᠠᠢ ᠠᠷᠠᠯᠵᠢᠶᠠᠴᠢᠨ ᠤᠷᠢᠬᠤ ᠠᠵᠢᠯᠯᠠᠭ᠎ᠠ ᠶᠢ ᠡᠷᠭᠢᠯᠡᠭᠦ ᠪᠣᠯᠣᠨ᠎ᠠ ᠃

5.jpg

 

     ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ ᠂ ᠶᠠᠩ ᠶᠢᠨ ᠂ ᠶᠠᠩ ᠵᠢᠶᠧ ᠠᠵᠢᠯᠯᠠᠭ᠎ᠠ ᠳᠤ ᠣᠷᠣᠯᠴᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ