|
ᠤᠷᠤᠰ ᠤᠨ ᠬᠤᠯᠪᠤᠭ᠎ᠠ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠲᠡᠭᠦᠰᠬᠡᠭᠡᠳ ᠰᠢ ᠶᠢᠨ ᠫᠢᠩ ᠪᠡᠭᠡᠵᠢᠩ ᠳᠤ ᠪᠤᠴᠠᠵᠤ ᠢᠷᠡᠪᠡ |
|
|
ᠨᠡᠶᠢᠲᠡᠯᠡᠭᠰᠡᠨ ᠴᠠᠭ᠄
2023/3/23
|
|
ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 22 ᠤᠨ ᠴᠠᠭᠢᠯᠭᠠᠨ ᠮᠡᠳᠡᠭᠡ 3 ᠰᠠᠷ᠎ᠠ ᠶᠢᠨ 22 ᠤᠨ ᠣᠷᠣᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠤᠨ ᠬᠤᠯᠪᠤᠭ᠎ᠠ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠲᠡᠭᠦᠰᠬᠡᠭᠡᠳ ᠪᠡᠭᠡᠵᠢᠩ ᠳᠤ ᠪᠤᠴᠠᠵᠤ ᠢᠷᠡᠪᠡ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠡᠷᠭᠢᠯᠡᠭᠴᠢ ᠸᠠᠩ ᠢ ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠴᠢᠨ ᠭᠠᠩ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠬᠦᠷᠴᠦ ᠢᠷᠡᠪᠡ ᠃ ᠮᠣᠰᠺᠸᠠ ᠠᠴᠠ ᠠᠶᠠᠷᠯᠠᠬᠤ ᠦᠶ᠎ᠡ ᠳᠤ ᠂ ᠣᠷᠣᠰ ᠤᠨ ᠳᠡᠳ᠋ ᠶᠡᠷᠦᠩᠬᠡᠢ ᠰᠠᠶᠢᠳ ᠴᠧᠷᠨᠧᠱᠧᠨᠺᠧ ᠵᠡᠷᠭᠡ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ ᠲᠤᠰᠢᠶᠠᠯᠲᠠᠳ ᠨᠢᠰᠬᠡᠯ ᠤᠨ ᠪᠠᠭᠤᠳᠠᠯ ᠳᠤ ᠬᠦᠷᠴᠦ ᠦᠳᠡᠨ ᠮᠣᠷᠳᠠᠭᠤᠯᠬᠤ ᠶᠢᠨ ᠬᠠᠮᠲᠤ ᠦᠪᠡᠳᠡᠭᠰᠢ ᠶᠡᠭᠡ ᠦᠳᠡᠨ ᠮᠣᠷᠳᠠᠭᠤᠯᠬᠤ ᠶᠣᠰᠣᠯᠠᠯ ᠶᠠᠪᠤᠭᠤᠯᠪᠠ ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|