|
ᠮᠠᠨ ᠤ ᠣᠷᠣᠨ ᠤ ᠣᠶ ᠰᠢᠭᠤᠢ ᠶᠢᠨ ᠡᠬᠢ ᠪᠠᠶᠠᠯᠢᠭ ᠦᠷᠭᠦᠯᠵᠢᠯᠡᠨ ᠨᠡᠮᠡᠭᠳᠡᠵᠦ ᠣᠶ ᠰᠢᠭᠤᠢ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ ᠪᠤᠢ |
|
|
ᠨᠡᠶᠢᠲᠡᠯᠡᠭᠰᠡᠨ ᠴᠠᠭ᠄
2023/3/24
|
|
3 ᠳ᠋ᠤᠭᠠᠷ ᠰᠠᠷ᠎ᠠ ᠶᠢᠨ 21 ᠤ ᠡᠳᠦᠷ ᠪᠣᠯ ᠠᠷᠪᠠᠨ ᠨᠢᠭᠡᠳᠡᠬᠢ ᠳᠡᠯᠡᠬᠡᠢ ᠶᠢᠨ ᠣᠶ ᠰᠢᠭᠤᠢ ᠶᠢᠨ ᠡᠳᠦᠷ ᠮᠥᠨ ᠂ ᠡᠨᠡ ᠵᠢᠯ ᠤᠨ ᠭᠤᠣᠯ ᠰᠡᠳᠦᠪ ᠪᠣᠯ ︽ᠣᠶ ᠰᠢᠭᠤᠢ ᠪᠣᠯᠣᠨ ᠡᠷᠡᠭᠦᠯ ᠮᠡᠨᠳᠦ︾ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ ᠂ ᠦᠷᠭᠦᠯᠵᠢᠯᠡᠨ ᠮᠣᠳᠣ ᠲᠠᠷᠢᠨ ᠣᠶᠢᠵᠢᠭᠤᠯᠤᠯᠲᠠ ᠬᠢᠵᠦ ᠂ ᠤᠯᠤᠰ ᠤᠨ ᠨᠤᠲᠤᠭ ᠳᠡᠪᠢᠰᠭᠡᠷ ᠢ ᠨᠣᠭᠤᠭᠠᠷᠠᠭᠤᠯᠬᠤ ᠪᠠᠷ ᠳᠡᠮᠵᠢᠨ᠂ ᠳᠡᠯᠡᠬᠡᠢ ᠶᠢᠨ ᠣᠶ ᠰᠢᠭᠤᠢ ᠶᠢᠨ ᠡᠬᠢ ᠪᠠᠶᠠᠯᠢᠭ ᠡᠳᠦᠷ ᠢᠷᠡᠬᠦᠶ᠎ᠡ ᠪᠠᠭᠠᠰᠴᠤ ᠪᠠᠶᠢᠭ᠎ᠠ ᠪᠠᠶᠢᠳᠠᠯ ᠳᠣᠣᠷ᠎ᠠ᠂ ᠮᠠᠨ ᠤ ᠣᠷᠣᠨ ᠤ ᠣᠶ ᠰᠢᠭᠤᠢ ᠶᠢᠨ ᠡᠬᠢ ᠪᠠᠶᠠᠯᠢᠭ ᠦᠷᠭᠦᠯᠵᠢᠯᠡᠨ ᠨᠡᠮᠡᠭᠳᠡᠵᠦ᠂ ᠣᠶ ᠰᠢᠭᠤᠢ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠭᠰᠡᠨ ᠪᠠᠶᠢᠨ᠎ᠠ ᠃ ᠤᠢ ᠰᠢᠭᠤᠢ ᠪᠣᠯ ᠤᠰᠤᠨ ᠤ ᠬᠥᠮᠦᠷᠭᠡ ᠂ ᠵᠣᠭᠤᠰᠤᠨ ᠤ ᠬᠥᠮᠥᠷᠭᠡ ᠂ ᠠᠮᠤ ᠪᠤᠳᠠᠭᠠᠨ ᠤ ᠬᠥᠮᠥᠷᠭᠡ ᠂ ᠨᠡᠭᠦᠷᠡᠰᠦᠲᠥ᠋ᠷᠥᠭᠴᠢ ᠶᠢᠨ ᠬᠥᠮᠥᠷᠭᠡ ᠮᠥᠨ ᠃ ᠤᠢ ᠰᠢᠭᠤᠢ ᠪᠠ ᠨᠤᠲᠤᠭ ᠪᠡᠯᠴᠢᠭᠡᠷ ᠨᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠰᠠᠭᠤᠷᠢᠯᠠᠬᠤ ᠴᠢᠨᠠᠷᠲᠠᠢ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠦᠢᠯᠡᠳᠦᠯ ᠲᠠᠢ ᠪᠠᠶᠢᠵᠤ ᠂ ᠤᠢ ᠰᠢᠭᠤᠢ ᠨᠤᠲᠤᠭ ᠪᠡᠯᠴᠢᠭᠡᠷ ᠬᠥᠭᠵᠢᠪᠡᠯ ᠠᠮᠢ ᠠᠬᠤᠢ ᠰᠠᠶ᠋ᠢ ᠳᠡᠭᠵᠢᠷᠡᠳᠡᠭ ᠃ ᠣᠯᠠᠨ ᠵᠢᠯ ᠤᠨ ᠲᠤᠷᠰᠢ᠂ ᠥᠪᠥᠷ ᠮᠣᠩᠭᠤᠯ ᠣᠶ ᠰᠢᠭᠤᠢ ᠨᠤᠲᠤᠭ ᠪᠡᠯᠴᠢᠭᠡᠷ ᠢ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠯᠤᠰ ᠤᠨ ᠨᠤᠲᠤᠭ ᠳᠡᠪᠢᠰᠭᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠤ᠂ ᠪᠠᠶᠢᠭᠠᠯᠢ ᠶᠢᠨ ᠣᠶ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠰᠤᠷᠪᠤᠯᠵᠢ ᠶᠢᠨ ᠵᠠᠰᠠᠯᠲᠠ ᠂ ᠭᠤᠷᠪᠠᠨ ᠤᠮᠠᠷᠠᠲᠤ ᠶᠢᠨ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠶᠢ ᠶᠡᠭᠡ ᠪᠠᠷ ᠠᠬᠢᠭᠤᠯᠵᠤ᠂ ᠣᠶ ᠰᠢᠭᠤᠢ ᠶᠢ ᠠᠷᠠᠴᠢᠯᠠᠨ ᠪᠣᠶᠢᠵᠢᠭᠤᠯᠬᠤ ᠪᠠ ᠴᠢᠨᠠᠷ ᠮᠠᠭᠤᠲᠠᠢ ᠦᠷ᠎ᠡ ᠠᠰᠢᠭ ᠳᠣᠣᠷ᠎ᠠ ᠣᠶ ᠰᠢᠭᠤᠢ ᠶᠢᠨ ᠥᠭᠡᠷᠡᠴᠢᠯᠡᠯᠲᠡ ᠶᠢ ᠠᠬᠢᠭᠤᠯᠵᠤ᠂ ᠪᠥᠬᠦ ᠣᠷᠣᠨ ᠤ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠶᠢ 23% ᠳᠤ ᠬᠦᠷᠦᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠨ ᠬᠥᠭᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠭᠤᠯᠬᠤ ᠴᠢᠳᠠᠪᠤᠷᠢ ᠶᠢ ᠪᠠᠬᠢᠵᠢᠭᠦᠯᠦᠨ ᠴᠢᠩᠭᠠᠷᠠᠭᠤᠯᠪᠠ ᠃ 2023 ᠣᠨ ᠳᠤ᠂ ᠪᠦᠬᠦ ᠣᠷᠣᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠶᠢᠨ ᠲᠣᠭᠤᠷᠢᠨ ᠳᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠣᠬᠢᠴᠠᠭᠤᠯᠤᠨ ᠠᠬᠢᠭᠤᠯᠵᠤ᠂ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦᠶᠢᠴᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ 300 ᠲᠦᠮᠡ ᠭᠠᠷᠤᠢ ᠮᠦ ᠣᠶᠢᠵᠢᠭᠤᠯᠤᠯᠲᠠ ᠬᠢᠵᠤ ᠂ 3000 ᠲᠦᠮᠡ ᠭᠠᠷᠤᠢ ᠰᠠᠭᠤᠷᠢ ᠠᠯᠪᠠᠨ ᠵᠢᠷᠤᠮ ᠤᠨ ᠮᠣᠳᠣ ᠲᠠᠷᠢᠵᠤ ᠂ 500 ᠲᠦᠮᠡ ᠭᠠᠷᠤᠢ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠶᠢ ᠪᠡᠶᠡᠯᠡᠭᠦᠯᠬᠦ ᠪᠠᠷ ᠲᠥᠯᠥᠪᠯᠡᠵᠦ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠰᠠᠭᠤᠷᠢ ᠶᠢ ᠤᠯᠠᠮ ᠨᠢᠭᠡ ᠠᠯᠬᠤᠮ ᠵᠤᠵᠠᠭᠠᠳᠬᠠᠨ᠎ᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|