ᠰᠦᠨ ᠱᠤᠤ ᠴᠧᠩ ᠸᠠᠩ ᠯᠢ ᠰᠢᠶᠠ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠡᠷᠭᠢᠯᠡᠭᠴᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠫᠠᠨ ᠶᠤᠸᠠᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2023/3/27

      3 ᠰᠠᠷ᠎ᠠ ᠶᠢᠨ 23᠎ ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠡᠷᠭᠢᠯᠡᠭᠴᠢ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ

ᠫᠠᠨ ᠶᠤᠸᠠᠢ ᠲᠠᠢ ᠠᠭᠤᠯᠵᠠᠪᠠ ᠃


0327孙绍骋王莉霞会见中央统战部副部长国家民委主任、党组书记潘岳.jpeg


0327孙绍骋王莉霞会见中央统战部副部长国家民委主任、党组书记潘岳2.png


      ᠫᠠᠨ ᠶᠤᠸᠠᠢ ᠨᠠᠷ ᠢ ᠰᠦᠨ ᠱᠤᠤ ᠴᠧᠩ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ ᠃ ᠲᠡᠷᠡ ᠂ ᠣᠳᠣᠬᠠᠨ ᠳᠤ ᠥᠪᠥᠷ ᠮᠣᠩᠭᠤᠯ ᠶᠠᠭ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠤᠶᠠᠷ ᠶᠡᠭᠡ ᠶᠠᠪᠤᠳᠠᠯ ᠢ ᠠᠩᠬᠠᠷᠤᠯ ᠢᠶᠠᠨ ᠲᠥᠪᠯᠡᠷᠡᠭᠦᠯᠵᠦ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ ᠪᠠᠶᠢᠨ᠎ᠠ ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠲᠤᠬᠠᠢ ᠪᠢᠳᠡ ᠨᠢᠭᠡᠨᠲᠡ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ ᠂ ᠪᠦᠭᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ ᠠᠬᠢᠭᠤᠯᠵᠤ ᠪᠠᠶᠢᠨ᠎ᠠ ᠃ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾᠎ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠪᠢᠳᠡ ᠶᠠᠭ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠵᠤ ᠂ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠠᠩ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠵᠤ ᠂ ᠵᠢᠱᠢᠶᠡᠴᠢ ᠶᠢ ᠲᠠᠯ᠎ᠠ ᠪᠦᠭᠦᠨ ᠳᠤ ᠢᠯᠡᠷᠡᠭᠦᠯᠭᠦ ᠪᠣᠯᠣᠨ᠎ᠠ ᠃ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠥᠪᠥᠷ ᠮᠣᠩᠭᠤᠯ ᠳᠤ ᠨᠡᠩ ᠤᠯᠠᠨ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠵᠦ ᠂ ᠪᠢᠳᠡᠨ ᠢ ᠬᠠᠪᠰᠤᠷᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠦ ᠬᠡᠯᠡᠪᠡ ᠃

      ᠫᠠᠨ ᠶᠤᠸᠠᠢ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠲᠣᠭᠤᠷᠢᠨ ᠳᠤ ᠠᠵᠢᠯ ᠤᠨ ᠰᠢᠨ᠎ᠡ ᠶᠢ ᠡᠭᠦᠳᠭᠦ ᠶᠢ ᠠᠬᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠵᠢᠴᠢ ᠲᠣᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠶᠢ ᠲᠠᠨᠢᠯᠴᠠᠭᠤᠯᠪᠠ ᠃ ᠲᠡᠷᠡ ᠂ ᠪᠠᠶᠢᠴᠠᠭᠠᠨ ᠰᠤᠳᠤᠯᠬᠤ ᠶᠠᠪᠤᠴᠠ ᠳᠤᠮᠳᠠ ᠂ ᠪᠢᠳᠡ ᠥᠪᠥᠷ ᠮᠣᠩᠭᠤᠯ ᠤᠨ ᠡᠯ᠎ᠡ ᠲᠠᠯ᠎ᠠ ᠶᠢᠨ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠪᠡᠶᠡᠴᠢᠯᠡᠨ ᠣᠶᠢᠯᠠᠭᠠᠵᠤ ᠂ ᠥᠪᠥᠷ ᠮᠣᠩᠭᠤᠯ ᠤᠨ ᠺᠠᠳ᠋ᠷ ᠤᠨ ᠪᠡᠶ᠎ᠡ ᠳᠡᠭᠡᠷ᠎ᠡ ᠪᠣᠳᠠᠲᠠᠢ ᠶᠢ ᠡᠷᠬᠢᠮᠯᠡᠨ ᠵᠣᠷᠢᠭᠲᠠᠢ ᠠᠵᠢᠯᠯᠠᠬᠤ ᠠᠵᠢᠯ ᠤᠨ ᠰᠤᠷᠲᠠᠯ ᠢ ᠣᠶᠢᠯᠠᠭᠠᠪᠠ ᠃ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠲᠣᠰ ᠪᠡᠶ᠎ᠡ ᠶᠢᠨ ᠡᠭᠦᠷᠭᠡ ᠴᠢᠳᠠᠪᠬᠢ ᠳᠠᠭᠠᠨ ᠰᠠᠭᠤᠷᠢᠯᠠᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠬᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠥᠪᠥᠷ ᠮᠣᠩᠭᠤᠯ ᠳᠤ ᠨᠠᠩ ᠣᠯᠠᠨ ᠳᠡᠮᠵᠢᠯᠭᠡ ᠬᠠᠩᠭᠠᠨ᠎ᠠ ᠭᠡᠵᠦ ᠬᠡᠯᠡᠪᠡ ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ ᠂ ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ