ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠴᠠᠭᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ  ᠸᠠᠩ ᠯᠢ ᠰᠢᠶᠠ ᠭᠠᠷ ᠤᠨ ᠦᠰᠦᠭ ᠵᠢᠷᠤᠬᠤ ᠶᠢ ᠭᠡᠷᠡᠴᠢᠯᠡᠪᠡ
ᠨᠡᠶᠢᠲᠡᠯᠡᠭᠰᠡᠨ ᠴᠠᠭ᠄
2023/3/27

      3 ᠰᠠᠷ᠎ᠠ ᠶᠢᠨ 23᠎ ᠤ ᠡᠳᠦᠷ  ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠴᠠᠭᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠭᠦᠭᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠣᠯᠣᠨ ᠳᠤᠮᠳᠠᠳᠤ ᠤᠯᠤᠰ ᠤᠨ ᠴᠠᠭᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠳ᠋ᠢᠩ ᠶᠠᠨ ᠵᠠᠩ ᠭᠠᠷ ᠤᠨ ᠥᠰᠥᠭ ᠵᠢᠷᠤᠬᠤ ᠶᠢ ᠭᠡᠷᠡᠴᠢᠯᠡᠵᠡᠢ ᠃

王丽霞.jpg

 

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠂ ᠳᠤᠮᠳᠠᠳᠤ ᠤᠯᠤᠰ ᠤᠨ ᠴᠠᠭᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠸᠠᠩ ᠰᠢᠶᠣᠣ ᠵᠢᠶᠦ᠋ᠨ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ ᠃ ᠵᠥᠪᠯᠡᠯᠴᠡᠭᠡᠷ ᠢ ᠦᠨᠳᠦᠰᠦᠯᠡᠪᠡᠯ ᠂ ᠬᠤᠶᠠᠷ ᠲᠠᠯ᠎ᠠ ᠪᠠᠷ ᠢᠶᠠᠨ ᠤᠰᠤ ᠲᠠᠲᠠᠵᠤ ᠡᠨᠧᠷᠭᠢ ᠬᠠᠳᠠᠭᠠᠯᠠᠬᠤ ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠂ ᠴᠡᠪᠡᠷ ᠡᠨᠧᠷᠭᠢ ᠶᠢ ᠨᠡᠭᠡᠭᠡᠨ ᠬᠥᠭᠵᠢᠭᠦᠯᠬᠦ ᠂ ᠲᠣᠨᠣᠭᠯᠠᠯ ᠦᠶᠯᠡᠳᠭᠦ ᠠᠵᠤ ᠦᠢᠯᠡᠰ ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠂ ᠤᠰᠤᠲᠥ᠋ᠷᠥᠭᠴᠢ ᠡᠨᠧᠷᠭᠢ ᠪᠣᠯᠣᠨ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠂ ᠳᠠᠬᠢᠯᠲᠠ ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ ᠃

      ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠪᠣᠯᠣᠨ ᠳᠤᠮᠳᠠᠳᠤ ᠤᠯᠤᠰ ᠤᠨ ᠴᠠᠭᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ

ᠲᠤᠬᠠᠢ ᠶᠢᠨ ᠲᠠᠯᠠᠪᠤᠷ ᠲᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ