ᠪᠦᠭᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ   ᠬᠤᠸᠠᠩ ᡁᠢ ᠴᠢᠶᠠᠩ ᠶᠠᠷᠢᠶ᠎ᠠ ᠲᠠᠯᠪᠢᠵᠤ ᠳᠠᠶᠢᠴᠢᠨ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2023/3/27

      3 ᠰᠠᠷ᠎ᠠ ᠶᠢᠨ 25᠎ ᠤ ᠡᠳᠦᠷ ᠂ ᠪᠦᠭᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠢ ᠡᠷᠭᠢᠯᠡᠪᠡ ᠃

      ᠬᠤᠸᠠᠩ ᡁᠢ ᠴᠢᠶᠠᠩ ᠂ ᠡᠨᠡ ᠵᠢᠯ ᠤᠨ ᠬᠠᠪᠤᠷ ᠠᠴᠠ ᠨᠠᠭᠠᠰᠢ ᠂ ᠪᠦᠭᠦ ᠣᠷᠣᠨ ᠤ ᠳᠤᠮᠳᠠᠴᠢ ᠠᠭᠠᠷ ᠤᠨ ᠳᠤᠯᠠᠭᠠᠨ ᠡᠩ ᠤᠨ ᠵᠢᠯ ᠤᠨ ᠬᠢ ᠠᠴᠠ ᠵᠢᠭᠠᠬᠠᠨ ᠥᠨᠳᠥᠷ ᠪᠠᠶᠢᠵᠤ ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠨ᠎ᠠ ᠃ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠪᠦᠭᠦ ᠲᠠᠯ᠎ᠠ ᠶᠢᠨ ᠲᠤᠤᠷᠵᠢᠭᠤᠯᠤᠬᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ ᠂ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠶᠡᠷᠦᠩᠬᠡᠶᠢᠯᠡᠭᠰᠡᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠯᠠᠪᠳᠠᠭᠤᠨ ᠪᠠᠲᠤᠲᠠᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ