ᠣᠷᠣᠨ ᠤ ᠲᠥᠪ ᠨᠡᠭᠦᠷᠡᠰᠦᠲᠥ᠋ᠷᠥᠭᠴᠢ ᠬᠤᠷᠠᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/3/27

      ᠲᠦᠷᠦᠭᠦᠬᠡᠨ᠂ ᠬᠥᠬᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠤᠸᠠᠨ ᠪᠣᠣ ᠴᠢᠶᠣᠣ ︵ᠱᠠᠩᠬᠠᠢ︶ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ  ᠲᠠᠢ ᠨᠡᠭᠦᠷᠡᠰᠦᠲᠥ᠋ᠷᠥᠭᠴᠢ ᠬᠤᠷᠠᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ ᠂ ᠡᠨᠡ ᠨᠢ ᠬᠤᠶᠠᠷ ᠲᠠᠯ᠎ᠠ ᠪᠠᠷ ᠢᠶᠠᠨ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠬᠤᠷᠠᠭᠤᠯᠬᠤ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠵᠢᠩᠬᠢᠨᠢ ᠪᠠᠷ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃

      ᠤᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠳᠦ᠋ᠷᠦᠭᠴᠢ ᠬᠤᠷᠠᠭᠤᠯᠬᠤ ᠶᠢ ᠨᠡᠭᠡᠭᠡᠨ ᠬᠥᠭᠵᠢᠭᠦᠯᠬᠦ  ᠨᠢ ︽ ᠬᠥᠬᠡ ᠠᠭᠤᠯᠠ ᠬᠦᠬᠡᠮᠳᠦᠭ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠮᠠᠶ᠋ᠢᠭ ᠂ ᠠᠮᠢ ᠠᠬᠤᠢ ᠶᠢᠨ ᠪᠦᠲᠦᠭᠡᠭᠳᠡᠬᠦᠨ ᠤ ᠦᠷᠳᠡᠭ ᠢ ᠪᠡᠶᠡᠯᠡᠭᠦᠯᠬᠦ ᠴᠢᠬᠤᠯᠠ ᠠᠷᠭ᠎ᠠ ᠪᠠᠷᠢᠯ ᠮᠥᠨ ᠃ ᠡᠨᠡ ᠨᠢ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠪᠦᠲᠦᠮᠵᠢᠲᠡᠶ ᠪᠠᠷ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ ᠂ ᠤᠢ ᠰᠢᠭᠤᠢ ᠨᠤᠲᠤᠭ ᠪᠡᠯᠴᠢᠭᠡᠷ ᠤᠨ ᠨᠡᠩ ᠤᠯᠠᠨ ᠨᠡᠩ ᠶᠡᠭᠡ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠪᠠᠳᠠᠷᠠᠭᠤᠯᠬᠤ ᠶᠢ ᠠᠬᠢᠭᠤᠯᠵᠤ ᠪᠣᠯᠣᠨ᠎ᠠ ᠃ ᠲᠤᠰ ᠤᠳᠠᠭᠠᠨ ᠤ ᠬᠠᠮᠲᠤᠷᠠᠯᠴᠠᠭᠠᠨ ᠤ ᠬᠤᠶᠠᠷ ᠲᠠᠯ᠎ᠠ ᠪᠠᠷ ᠢᠶᠠᠨ ᠬᠥᠬᠡᠬᠤᠲᠠ ᠶᠢᠨ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ ᠣᠨᠴᠠᠯᠢᠭ ᠲᠠᠢ ᠤᠶᠠᠯᠳᠤᠭᠤᠯᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠲᠥᠯᠦᠪᠵᠢᠭᠦᠯᠭᠡ᠂ ᠣᠶ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠳᠦ᠋ᠷᠦᠭᠴᠢ ᠬᠤᠷᠠᠭᠤᠯᠬᠤ ᠵᠡᠷᠭᠡ ᠣᠯᠠᠨ ᠲᠠᠯ᠎ᠠ ᠶᠢᠨ ᠲᠣᠭᠤᠷᠢᠨ ᠳᠤ᠂ ᠪᠥᠬᠦ ᠲᠠᠯ᠎ᠠ ᠶᠢᠨ ᠭᠦᠨ ᠲᠠᠰ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠤᠯᠤᠰ ᠠᠴᠠ ᠬᠠᠷᠭᠤᠭᠤᠯᠤᠨ ᠭᠡᠷᠡᠴᠢᠯᠡᠭᠰᠡᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠮᠵᠢᠶ᠎ᠡ

︵CCER︶᠂ ᠬᠠᠷᠭᠤᠭᠤᠯᠤᠨ ᠭᠡᠷᠡᠴᠢᠯᠡᠭᠰᠡᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠᠷᠢᠮᠵᠢᠶ᠎ᠠ ︵VCS︶᠂ ᠰᠢᠵᠢᠷ ᠠᠯᠲᠠᠨ ᠪᠠᠷᠢᠮᠵᠢᠶ᠎ᠠ ︵GS︶᠂ ᠠᠷᠢᠭᠤᠨ ᠴᠡᠪᠡᠷ ᠬᠥᠭᠵᠢᠯᠲᠡ ᠶᠢᠨ ᠲᠣᠭᠲᠠᠴᠠ ︵CDM︶᠂ ᠠᠭᠤᠷ ᠠᠮᠢᠰᠬᠤᠯ᠂ ᠨᠡᠶᠢᠭᠡᠮ ᠲᠣᠭᠤᠷᠢᠭ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ︵CCB︶ ᠵᠡᠷᠭᠡ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ ᠠᠷᠠᠯᠵᠢᠶᠠᠯᠠᠬᠤ ᠲᠣᠭᠲᠠᠴᠠ ᠪᠠᠷ ᠳᠠᠮᠵᠢᠭᠤᠯᠤᠨ᠂ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠬᠤᠷᠠᠭᠤᠯᠬᠤ ᠶᠢ ᠨᠡᠭᠡᠭᠡᠨ ᠬᠥᠭᠵᠢᠭᠦᠯᠬᠦ᠂ ᠠᠷᠠᠯᠵᠢᠶᠠᠯᠠᠬᠤ ᠵᠢᠴᠢ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠲᠥᠷᠥᠯ ᠵᠦᠢᠯ ᠳᠤ ᠭᠤᠣᠯᠳᠠᠯᠭ᠎ᠠ ᠲᠠᠢ ᠬᠠᠮᠲᠤᠷᠠᠯᠴᠠᠬᠤ ᠪᠣᠯᠣᠨ᠎ᠠ ᠃

      2022 ᠣᠨ ᠤ ᠡᠴᠦᠰ ᠪᠣᠯᠲᠠᠯ᠎ᠠ᠂ ᠬᠥᠬᠡᠬᠤᠲᠠ ᠶᠢᠨ ᠣᠶ ᠰᠢᠭᠤᠢ ᠶᠢᠨ ᠲᠠᠯᠠᠪᠠᠶ 594 ᠲᠦᠮᠡᠨ ᠮᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ

23.01%᠂ ᠡᠪᠡᠰᠦ ᠪᠡᠯᠴᠢᠭᠡᠷ ᠤᠨ ᠲᠠᠯᠠᠪᠠᠶ 819.38 ᠲᠦᠮᠡᠨ ᠮᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ

49.74%᠂ ᠨᠤᠭᠤ ᠭᠠᠵᠠᠷ ᠤᠨ ᠲᠠᠯᠠᠪᠠᠶ 26.38 ᠲᠦᠮᠡᠨ ᠮᠦ ᠳᠤ ᠬᠥᠷᠴᠦ ᠂ ᠨᠡᠭᠦᠷᠡᠰᠦᠲᠥ᠋ᠷᠥᠭᠴᠢ ᠬᠤᠷᠠᠭᠤᠯᠬᠤ ᠡᠬᠢ ᠪᠠᠶᠠᠯᠢᠭ ᠡᠯᠪᠡᠭ᠂ ᠨᠡᠭᠡᠭᠡᠨ ᠬᠥᠭᠵᠢᠭᠦᠯᠬᠦ ᠳᠠᠯᠳᠠ ᠬᠦᠴᠦᠨ ᠶᠡᠭᠡ ᠪᠠᠶᠢᠨ᠎ᠠ᠃

      ᠠᠮᠢ ᠠᠬᠤᠢ ᠶᠢᠨ ᠥᠷᠲᠡᠭ ᠤᠨ ᠤᠯᠠᠷᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ ᠂ 2022 ᠣᠨ   ᠠᠴᠠ ᠡᠬᠢᠯᠡᠨ᠂ ᠬᠥᠬᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠬᠤᠷᠠᠭᠤᠯᠬᠤ ᠶᠢ ᠬᠡᠮᠵᠢᠨ ᠪᠣᠳᠣᠬᠤ ᠬᠢᠨᠠᠨ ᠰᠢᠨᠵᠢᠯᠡᠯᠲᠡ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠣᠲᠣ ᠨᠢᠭᠡᠨᠲᠡ ᠰᠢᠨ᠎ᠡ ᠬᠤᠲᠠ ᠲᠣᠭᠤᠷᠢᠭ᠂ ᠲᠦᠮᠡᠳ ᠵᠡᠭᠦᠨ ᠬᠤᠰᠢᠭᠤ᠂ ᠴᠢᠩ ᠱᠦᠢ ᠾᠧ ᠰᠢᠶᠠᠨ ᠪᠣᠯᠣᠨ ᠦᠴᠦᠸᠠᠨ ᠰᠢᠶᠠᠨ ᠵᠡᠷᠭᠡ 4 ᠭᠤᠣᠯᠳᠠᠯᠭ᠎ᠠ ᠲᠠᠢ ᠬᠤᠰᠢᠭᠤ ᠰᠢᠶᠠᠨ ᠲᠣᠭᠤᠷᠢᠭ ᠤᠨ ᠨᠡᠭᠦᠷᠡᠰᠦᠲᠥ᠋ᠷᠥᠭᠴᠢ ᠬᠤᠷᠠᠭᠤᠯᠬᠤ ᠶᠢ ᠬᠡᠮᠵᠢᠨ ᠪᠣᠳᠣᠬᠤ ᠬᠢᠨᠠᠨ ᠰᠢᠨᠵᠢᠯᠡᠯᠲᠡ ᠶᠢ ᠪᠡᠶᠡᠯᠡᠭᠦᠯᠵᠦ᠂ ᠪᠠᠷᠢᠮᠵᠢᠶᠠᠲᠤ ᠥᠯᠢᠭᠡᠷ ᠭᠠᠵᠠᠷ 464᠂ ᠥᠯᠢᠭᠡᠷ ᠳᠥᠷᠪᠡᠯᠵᠢᠨ ᠭᠠᠵᠠᠷ 1362 ᠪᠠᠶᠢᠭᠤᠯᠵᠤ᠂ 7932 ᠬᠤᠪᠢ ᠥᠯᠢᠭᠡᠷ ᠡᠳ᠋ ᠴᠤᠭᠯᠠᠭᠤᠯᠪᠠ᠃ ᠡᠨᠡ ᠵᠢᠯ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠬᠤᠲᠣᠩ ᠠᠷᠠᠳ ᠤᠨ ᠲᠣᠭᠤᠷᠢᠭ᠂ ᠢᠤᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠵᠡᠷᠭᠡ 5 ᠬᠤᠰᠢᠭᠤ ᠰᠢᠶᠠᠨ ᠲᠣᠭᠤᠷᠢᠭ ᠤᠨ ᠨᠡᠭᠦᠷᠡᠰᠦᠲᠥ᠋ᠷᠥᠭᠴᠢ ᠬᠤᠷᠠᠭᠤᠯᠬᠤ ᠶᠢ ᠬᠡᠮᠵᠢᠨ ᠪᠣᠳᠣᠬᠤ ᠬᠢᠨᠠᠨ ᠰᠢᠨᠵᠢᠯᠡᠯᠲᠡ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠨᠡᠭᠦᠷᠡᠰᠦᠲᠥ᠋ᠷᠥᠭᠴᠢ ᠬᠤᠷᠠᠭᠤᠯᠬᠤ ᠡᠬᠢ ᠪᠠᠶᠠᠯᠢᠭ ᠤᠨ ᠰᠠᠭᠤᠷᠢ ᠲᠤᠭ᠎ᠠ ᠶᠢ ᠣᠨᠣᠪᠴᠢᠲᠠᠶ ᠡᠵᠡᠮᠰᠢᠨ᠂ ᠨᠡᠭᠦᠷᠡᠰᠦᠲᠥ᠋ᠷᠥᠭᠴᠢ ᠬᠤᠷᠠᠭᠤᠯᠬᠤ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ