|
4 ᠳ᠋ᠦ᠋ᠭᠡᠷ ᠰᠠᠷ᠎ᠠ ᠶᠢᠨ 1 ᠤ ᠡᠳᠦᠷ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠳᠤ ᠥᠪᠥᠷ ᠮᠣᠩᠭᠤᠯ ᠤᠨ ᠬᠡᠷᠡᠯ ᠵᠢᠷᠤᠭ ᠤᠨ ᠦᠵᠡᠰᠬᠦᠯᠡᠩ | ᠶᠠᠪᠤᠭᠳᠠᠬᠤ ᠪᠠᠷ ᠪᠤᠢ |
|
|
ᠨᠡᠶᠢᠲᠡᠯᠡᠭᠰᠡᠨ ᠴᠠᠭ᠄
2023/3/28
|
|
ᠭᠡᠷᠡᠯ ᠵᠢᠷᠤᠭ ᠢᠶᠠᠷ ᠲᠠᠩᠰᠤᠭ ᠰᠠᠶᠢᠬᠠᠨ ᠶᠢᠷᠲᠢᠨᠴᠦ ᠶᠢ ᠵᠢᠷᠤᠭᠯᠠᠵᠤ ᠂ ᠭᠡᠷᠡᠯ ᠵᠢᠷᠤᠭ ᠢᠶᠠᠷ ᠥᠷᠨᠢᠯ ᠬᠦᠭᠵᠢᠯᠲᠡ ᠶᠢ ᠭᠡᠷᠡᠴᠢᠯᠡᠨ᠎ᠡ ᠃ 4 ᠳ᠋ᠦ᠋ᠭᠡᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠬᠡᠷᠡᠯ ᠵᠢᠷᠤᠭ ᠤᠨ ᠦᠵᠡᠰᠬᠦᠯᠡᠩ ᠪᠡᠭᠡᠵᠢᠩ ᠬᠤᠲᠠ ᠶᠢᠨ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠳᠤ ᠡᠬᠢᠯᠡᠬᠦ ᠪᠣᠯᠣᠨ᠎ᠠ᠃ ᠦᠵᠡᠰᠬᠦᠯᠡᠩ ᠢ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠳᠠᠭᠠᠭᠠᠴᠢᠯᠠᠨ ᠡᠷᠭᠢᠯᠡᠵᠦ᠂ ᠳᠤᠮᠳᠠᠳᠤ ᠤᠯᠤᠰ ᠤᠨ ᠬᠡᠷᠡᠯ ᠵᠢᠷᠤᠭ ᠤᠨ ᠰᠣᠨᠢᠨ ᠤ ᠬᠤᠷᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠬᠢᠩᠭᠠᠨ ᠠᠶᠢᠮᠠᠭ ᠤᠨ ᠬᠤᠷᠢᠶᠠᠨ ᠤ ᠤᠬᠠᠭᠤᠯᠬᠤ ᠬᠡᠯᠲᠡᠰ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠯ ᠵᠢᠷᠤᠭᠴᠢᠳ ᠤᠨ ᠨᠡᠶᠢᠭᠡᠮᠯᠢᠭ ᠠᠴᠠ ᠶᠡᠭᠡ ᠪᠠᠷ ᠳᠡᠮᠵᠢᠪᠡ᠃ ᠥᠪᠥᠷ ᠮᠣᠩᠭᠤᠯ ᠤᠨ ᠬᠡᠷᠡᠯ ᠵᠢᠷᠤᠭ ᠤᠨ ᠦᠵᠡᠰᠬᠦᠯᠡᠩ ᠢ ᠨᠢᠮᠪᠠᠢ ᠪᠡᠯᠡᠳᠬᠡᠬᠦ ᠪᠠᠷ ᠳᠡᠮᠵᠢᠨ 100 ᠭᠠᠷᠤᠢ ᠰᠢᠯᠢᠳᠡᠭ ᠪᠦᠲᠦᠭᠡᠯ ᠤᠳ ᠢ ᠳᠡᠯᠭᠡᠨ ᠦᠵᠡᠭᠦᠯᠬᠦ ᠪᠠᠷ ᠪᠤᠢ ᠂ ᠪᠦᠲᠦᠭᠡᠯ ᠤᠳ ᠤᠨ ᠰᠡᠳᠦᠪ ᠨᠢ ᠥᠷᠭᠡᠨ ᠳᠡᠯᠭᠡᠷ᠂ ᠠᠭᠤᠯᠭ᠎ᠠ ᠨᠢ ᠪᠠᠶᠢᠭᠠᠯᠢ ᠶᠢᠨ ᠥᠩᠭᠡ ᠦᠵᠡᠮᠵᠢ᠂ ᠬᠥᠮᠥᠨ ᠰᠣᠶᠣᠯ ᠤᠨ ᠦᠵᠡᠮᠵᠢ᠂ ᠠᠷᠠᠳ ᠤᠨ ᠵᠠᠩ ᠦᠶᠯᠡ ᠵᠡᠷᠭᠡ ᠲᠠᠢ ᠬᠤᠯᠪᠣᠭᠳᠠᠵᠤ᠂ ᠦᠵᠡᠯ ᠰᠠᠨᠠᠭ᠎ᠠ ᠪᠠ ᠴᠠᠭ ᠦᠶᠡᠴᠢ ᠴᠢᠨᠠᠷ ᠢ ᠬᠠᠮᠲᠤ ᠳᠤ ᠨᠢ ᠠᠭᠤᠰᠬᠠᠨ ᠂ ᠤᠷᠠᠯᠢᠭ ᠪᠠ ᠰᠣᠨᠢᠷᠬᠠᠯᠳᠤ ᠴᠢᠨᠠᠷ ᠢ ᠬᠤᠣᠰᠯᠠᠭᠤᠯᠵᠠᠢ ᠃ ᠭᠡᠷᠡᠯ ᠵᠢᠷᠤᠭᠴᠢᠳ ᠠᠳᠠᠯᠢ ᠪᠤᠰᠤ ᠬᠠᠷᠠᠭᠠᠰᠤ ᠂ ᠠᠳᠠᠯᠢ ᠪᠤᠰᠤ ᠲᠠᠯ᠎ᠠ ᠠᠴᠠ ᠰᠠᠶᠢᠨ ᠰᠠᠶᠢᠬᠠᠨ ᠭᠱᠠᠨ ᠵᠠᠭᠤᠷ᠎ᠠ ᠶᠢ ᠵᠢᠷᠤᠭᠯᠠᠨ᠂ ᠴᠠᠭ ᠦᠶ᠎ᠡ ᠶᠢᠨ ᠬᠤᠪᠢᠰᠤᠯᠲᠠ ᠶᠢ ᠲᠤᠰᠬᠠᠵᠤ ᠂ ᠥᠭᠡᠳᠡᠷᠬᠡᠭ᠂ ᠰᠠᠶᠢᠨ ᠰᠠᠶᠢᠬᠠᠨ᠂ ᠡᠶᠡᠷᠬᠦ ᠬᠦᠴᠦᠨ ᠢ ᠳᠠᠮᠵᠢᠭᠤᠯᠵᠤ ᠪᠤᠢ᠃ ᠲᠤᠰ ᠭᠡᠷᠡᠯ ᠵᠢᠷᠤᠭ ᠤᠨ ᠦᠵᠡᠰᠭᠦᠯᠡᠩ ᠨᠢ ︽ᠬᠠᠮᠤᠭ · ᠥᠩᠭᠡ ᠦᠵᠡᠮᠵᠢ︾ ︽ᠳᠣᠳᠤ · ᠳᠤᠷᠠᠰᠤᠮᠵᠢ︾ ︽ᠢᠷᠠᠭᠤ ᠡᠭᠡᠰᠢᠭᠲᠦ · ᠤᠮᠠᠷᠠᠲᠤ ᠬᠢᠵᠠᠭᠠᠷ︾ ᠭᠤᠷᠪᠠᠨ ᠬᠡᠰᠡᠭ ᠢᠶᠠᠷ ᠪᠦᠷᠢᠯᠳᠦᠨ᠂ ᠥᠪᠥᠷ ᠮᠣᠩᠭᠤᠯ ᠤᠨ ᠪᠠᠶᠢᠭᠠᠯᠢ ᠂ ᠬᠥᠭᠵᠢᠯᠲᠡ ᠂ ᠡᠶ᠎ᠡ ᠵᠣᠬᠢᠴᠠᠯ ᠪᠠ ᠵᠣᠯ ᠵᠢᠷᠭᠠᠯ ᠤᠨ ᠰᠠᠶᠢᠬᠠᠨ ᠨᠤᠭᠤᠳ ᠢ ᠪᠦᠬᠦ ᠲᠠᠯ᠎ᠠ ᠠᠴᠠ ᠳᠡᠯᠭᠡᠨ ᠦᠵᠡᠭᠦᠯᠵᠦ ᠂ ᠨᠡᠩ ᠤᠯᠠᠨ ᠬᠥᠮᠥᠰ ᠲᠤ ᠥᠪᠥᠷ ᠮᠣᠩᠭᠤᠯ ᠢ ᠲᠠᠨᠢᠭᠤᠯᠬᠤ᠂ ᠥᠪᠥᠷ ᠮᠣᠩᠭᠤᠯ ᠢ ᠮᠡᠳᠡᠷᠡᠭᠦᠯᠬᠦ᠂ ᠥᠪᠥᠷ ᠮᠣᠩᠭᠤᠯ ᠳᠤ ᠬᠠᠶᠢᠷᠠᠲᠠᠢ ᠪᠣᠯᠭᠠᠬᠤ ᠪᠣᠯᠣᠨ᠎ᠠ ᠃ ᠦᠵᠡᠰᠭᠦᠯᠡᠩ ᠢ 4 ᠳ᠋ᠦ᠋ᠭᠡᠷ ᠰᠠᠷ᠎ᠠ ᠶᠢᠨ 1 ᠤ ᠡᠳᠦᠷ ᠠᠴᠠ 4 ᠳ᠋ᠦ᠋ᠭᠡᠷ ᠰᠠᠷ᠎ᠠ ᠶᠢᠨ 11 ᠤ ᠡᠳᠦᠷ ᠪᠣᠯᠲᠠᠯ᠎ᠠ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ 19᠂ 20᠂ 21 ᠳ᠋ᠦ᠋ᠭᠡᠷ ᠦᠵᠡᠭᠦᠯᠭᠡ ᠶᠢᠨ ᠲᠢᠩᠬᠢᠮ ᠳᠤ ᠳᠡᠯᠭᠡᠨ ᠦᠵᠡᠭᠦᠯᠦᠨ᠎ᠡ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|