ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠶᠢᠨ ᠲᠤᠰᠠᠳᠠ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2023/3/28


      ︽ᠲᠠᠪᠤᠨ ᠶᠡᠭᠡ ᠡᠭᠦᠷᠭᠡ︾ ᠵᠢᠴᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ︾ ᠶᠢ ᠦᠨᠳᠦᠰᠦᠯᠡᠨ᠂ 3 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠨ᠂ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠠᠷᠭ᠎ᠠ ᠪᠠᠷ ᠪᠥᠬᠦ ᠤᠯᠤᠰ ᠤᠨ ᠬᠡᠪᠴᠢᠶᠡᠨ ᠳᠠᠬᠢ ᠳᠠᠪᠠᠭᠤᠯᠢᠭ ᠰᠢᠨ᠎ᠡ ᠶᠢ ᠡᠭᠦᠳᠬᠦ ᠡᠬᠢ ᠪᠠᠶᠠᠯᠢᠭ ᠢ ᠵᠣᠬᠢᠶᠠᠨ ᠪᠠᠶᠢᠭᠤᠯᠤᠨ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠤᠳ ᠢ ᠰᠢᠢᠳᠪᠦᠷᠢᠯᠡᠵᠡᠢ᠃
      ᠣᠶᠢᠯᠠᠭᠠᠭᠰᠠᠨ ᠢᠶᠠᠷ᠂ ᠲᠣᠰ ᠤᠳᠠᠭ᠎ᠠ ᠵᠠᠷᠯᠠᠭᠰᠠᠨ ᠨᠡᠷᠡᠰ ᠤᠨ ᠵᠢᠭᠰᠠᠭᠠᠯᠲᠠ ᠳᠤ ︽ᠥᠪᠥᠷ ᠮᠣᠩᠭᠤᠯ ᠤᠨ ᠬᠠᠲᠤᠨ ᠭᠤᠣᠯ ᠤᠨ ᠤᠰᠤ ᠶᠢ ᠳᠠᠲᠠᠨ ᠤᠰᠤᠯᠠᠯᠲᠠ ᠬᠢᠬᠦ ᠣᠷᠣᠨ ᠤ ᠤᠰᠤᠨ ᠤ ᠡᠬᠢ ᠪᠠᠶᠠᠯᠢᠭ ᠤᠨ ᠴᠠᠭ ᠣᠷᠣᠨ ᠵᠠᠢ ᠶᠢ ᠲᠣᠬᠢᠷᠠᠭᠤᠯᠤᠨ ᠡᠵᠡᠮᠳᠡᠬᠦ ᠬᠢᠭᠡᠳ ᠠᠷᠪᠢᠲᠠᠢ ᠡᠷᠴᠢᠮᠯᠢᠭ ᠠᠰᠢᠭᠯᠠᠬᠤ ᠮᠡᠷᠭᠡᠵᠢᠯ ᠤᠳ ᠢ ᠡᠮᠬᠢᠳᠬᠡᠨ ᠵᠢᠱᠢᠶ᠎ᠡ ᠦᠵᠡᠭᠦᠯᠬᠦ︾ ︽ᠬᠠᠲᠤᠨ ᠭᠤᠣᠯ ᠤᠨ ᠤᠰᠤ ᠶᠢ ᠳᠠᠲᠠᠨ ᠤᠰᠤᠯᠠᠯᠲᠠ ᠬᠢᠬᠦ ᠣᠷᠣᠨ ᠤ ᠤᠰᠤᠨ ᠤ ᠣᠷᠴᠢᠯ ᠬᠢᠭᠡᠳ ᠠᠮᠢ ᠠᠬᠤᠢ ᠣᠷᠴᠢᠨ ᠲᠣᠭᠤᠷᠢᠨ ᠤᠨ ᠵᠠᠩᠭᠢᠯᠠᠭ᠎ᠠ ᠶᠢᠨ ᠶᠠᠪᠤᠴᠠ ᠶᠢ ᠣᠶᠤᠨᠴᠢ ᠪᠠᠷ ᠬᠢᠨᠠᠨ ᠰᠢᠨᠵᠢᠯᠡᠬᠦ ᠳᠠᠭᠤᠷᠢᠶᠠᠮᠠᠯ ᠮᠡᠷᠭᠡᠵᠢᠯ ᠤᠨ ᠰᠤᠳᠤᠯᠤᠯ︾ ᠵᠡᠷᠭᠡ 6 ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠲᠥᠷᠥᠯ ᠵᠦᠢᠯ ᠤᠨ ᠨᠡᠷᠡᠰ ᠢ ᠪᠠᠭᠲᠠᠭᠠᠵᠤ᠂ ᠡᠳ᠋ ᠤᠨ ᠵᠠᠰᠠᠭ ᠤᠨ ᠲᠥᠰᠥᠪ ᠤᠨ ᠶᠡᠷᠦᠩᠬᠡᠢ ᠣᠷᠣᠭᠤᠯᠤᠯᠲᠠ ᠨᠢ 5200 ᠲᠦᠮᠡᠨ ᠲᠥᠭᠦᠷᠢᠭ ᠪᠠᠶᠢᠵᠤ᠂ 3 ᠵᠢᠯ ᠤᠨ ᠬᠤᠭᠤᠴᠠᠭ᠎ᠠ ᠲᠠᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃
      ᠣᠶᠢᠯᠠᠭᠠᠭᠰᠠᠨ ᠢᠶᠠᠷ᠂ ᠲᠤᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠲᠦᠷᠦᠯ ᠵᠦᠢᠯ ᠤᠨ ᠠᠵᠤ ᠠᠬᠤᠶᠢᠯᠠᠯ ᠤᠨ ᠵᠠᠷᠯᠠᠯ ᠬᠦᠯᠢᠶᠡᠭᠰᠡᠨ ᠲᠠᠯ᠎ᠠ ᠨᠢ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ ᠱᠠᠭᠠᠷᠳᠠᠯᠭ᠋ ᠲᠠᠢ᠃ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠡᠭᠦᠷᠭᠡᠯᠡᠬᠦ ᠪᠠᠷ ᠭᠤᠣᠯ ᠡᠭᠦᠷᠭᠡ ᠪᠠᠨ ᠪᠣᠯᠭᠠᠵᠤ᠂ ᠵᠠᠬ᠎ᠠ ᠳᠡᠯᠭᠡᠭᠦᠷ ᠤᠨ ᠲᠣᠭᠲᠠᠴᠠ ᠪᠠᠷ ᠬᠤᠯᠪᠣᠭᠠᠰᠤ ᠪᠣᠯᠭᠠᠨ ᠰᠠᠶᠢᠨ ᠳᠤᠷ᠎ᠠ ᠠᠴᠠ ᠪᠠᠨ ᠵᠣᠬᠢᠶᠠᠨ ᠪᠠᠶᠢᠭᠤᠯᠬᠤ ᠶᠢᠨ ᠬᠠᠮᠲᠤ ᠨᠡᠷᠡᠰ ᠤᠨ ᠵᠢᠭᠰᠠᠭᠠᠯᠲᠠ ᠶᠢᠨ ᠱᠠᠭᠠᠷᠳᠠᠯᠭ᠎ᠠ ᠳᠤ ᠴᠢᠭᠯᠡᠭᠦᠯᠦᠨ ᠵᠠᠩᠭᠢᠯᠠᠭ᠎ᠠ ᠶᠢᠨ ᠮᠡᠷᠭᠡᠵᠢᠯ ᠢ ᠪᠣᠳᠠᠲᠠᠢ ᠰᠢᠢᠳᠪᠦᠷᠢᠯᠡᠨ ᠬᠡᠷᠡᠭᠵᠢᠭᠦᠯᠬᠦ ᠲᠥᠰᠥᠯ ᠢ ᠳᠤᠷᠠᠳᠤᠨ ᠭᠠᠷᠭᠠᠵᠤ᠂ ᠵᠢᠱᠢᠭᠰᠡᠨ ᠪᠥᠬᠦ ᠬᠠᠷᠠᠯᠲᠠ ᠶᠢ ᠪᠡᠶᠡᠯᠡᠭᠦᠯᠦᠨ᠎ᠡ᠃ ᠲᠥᠷᠥᠯ ᠵᠦᠢᠯ ᠤᠨ ᠪᠡᠯᠡ ᠮᠥᠩᠭᠦ ᠶᠢ ᠵᠠᠷᠯᠠᠯ ᠬᠦᠯᠢᠶᠡᠭᠰᠡᠨ ᠲᠠᠯ᠎ᠠ ᠶᠢᠨ ᠠᠵᠤ ᠠᠬᠤᠶᠢᠯᠠᠯ ᠪᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠠᠴᠠ ᠬᠠᠮᠲᠤ ᠪᠠᠷ ᠭᠠᠷᠭᠠᠵᠤ᠂ ᠵᠢᠱᠢᠶ᠎ᠡ ᠦᠵᠡᠭᠦᠯᠬᠦ ᠢᠨᠵᠧᠨᠧᠷᠢᠩ ᠤᠨ ᠭᠤᠣᠯᠳᠠᠯᠭ᠎ᠠ ᠲᠠᠢ ᠦᠢᠯᠡᠳᠬᠦᠨ ᠪᠠ ᠴᠢᠬᠤᠯᠠ ᠶᠡᠭᠡ ᠦᠷ᠎ᠡ ᠪᠦᠲᠦᠭᠡᠯ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠠᠬᠢᠭᠤᠯᠤᠨ᠎ᠠ᠃ ᠣᠷᠣᠨ ᠨᠤᠲᠤᠭ ᠤᠨ ᠪᠡᠯᠡ ᠮᠥᠩᠭᠦ ᠶᠢᠨ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠲᠠᠢ ᠵᠠᠷᠯᠠᠯ ᠬᠦᠯᠢᠶᠡᠭᠰᠡᠨ ᠲᠠᠯ᠎ᠠ ᠶᠢ ᠤᠷᠢᠳ ᠢᠶᠠᠷ ᠳᠡᠮᠵᠢᠵᠦ᠂ ᠠᠶᠢᠮᠠᠭ ᠬᠤᠲᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠲᠠᠢ ᠬᠠᠮᠲᠤ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠬᠠᠮᠲᠤ ᠪᠠᠷ ᠠᠬᠢᠭᠤᠯᠤᠨ ᠬᠡᠷᠡᠭᠵᠢᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ