ᠪᠦᠬᠦ ᠣᠷᠣᠨ ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠠᠵᠢᠯ ᠵᠢᠴᠢ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠴᠠᠯᠢᠩ ᠢ ᠥᠷᠢᠲᠦᠵᠦ ᠤᠳᠠᠭᠠᠰᠢᠷᠠᠭᠤᠯᠬᠤ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠤᠲᠠᠰᠤᠲᠤ ᠬᠤᠷᠠᠯ ᠬᠤᠷᠠᠯᠳᠤᠪᠠ  ᠴᠢ᠊ ᠪᠠᠲᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/3/28

      3 ᠳ᠋ᠤᠭᠠᠷ ᠰᠠᠷ᠎ᠠ ᠶᠢᠨ 23 ᠤ ᠡᠳᠦᠷ᠂ ᠪᠥᠬᠦ ᠣᠷᠣᠨ ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠠᠵᠢᠯ ᠵᠢᠴᠢ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠤᠲᠠᠰᠤᠲᠤ ᠬᠤᠷᠠᠯ ᠬᠤᠷᠠᠯᠳᠤᠵᠤ ᠂ 2022 ᠣᠨ ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠠᠵᠢᠯ ᠵᠢᠴᠢ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠴᠠᠯᠢᠩ ᠢ ᠥᠭᠬᠦ ᠶᠢ ᠪᠠᠲᠤᠯᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠡᠯᠡᠵᠦ ᠂ ᠪᠠᠶᠢᠳᠠᠯ ᠢ ᠵᠠᠳᠠᠯᠤᠨ ᠮᠠᠭᠠᠳᠯᠠᠵᠤ᠂ 2023 ᠣᠨ ᠤ ᠠᠵᠢᠯ ᠪᠠ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠪᠠ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃

      ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ ᠴᠢᠩᠭᠠᠳᠬᠠᠵᠤ᠂ ᠴᠠᠯᠢᠩ ᠥᠷᠢᠲᠦᠬᠦ ᠶᠢ ᠵᠠᠰᠠᠬᠤ ᠠᠴᠠ ᠴᠠᠯᠢᠩ ᠥᠷᠢᠲᠦᠬᠦ  ᠶᠢ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃ ᠡᠭᠦᠨ ᠤ ᠬᠠᠮᠲᠤ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠳᠣᠪᠣᠶᠢᠯᠭᠠᠨ ᠰᠠᠶᠢᠲᠤᠷ ᠠᠳᠬᠤᠵᠤ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠲᠠᠰᠤᠷᠠᠯᠲᠠ ᠦᠭᠡᠢ ᠴᠢᠩᠭᠠᠷᠠᠭᠤᠯᠤᠨ᠂ ᠰᠢᠶᠠᠨ ᠤ ᠬᠡᠪᠴᠢᠶᠡᠨ ᠤ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠢ ᠬᠤᠲᠠ ᠶᠢᠨ ᠠᠷᠠᠳ ᠪᠣᠯᠭᠠᠬᠤ ᠶᠠᠰᠤ ᠴᠢᠨᠠᠷ ᠢ ᠬᠦᠴᠦᠯᠡᠨ ᠳᠡᠭᠡᠭᠰᠢᠯᠡᠬᠦᠯᠬᠦ ᠬᠡᠷᠡᠭᠲᠡᠢ ᠭᠡᠵᠡᠢ᠃

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ