ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/3/29

      3 ᠰᠠᠷ᠎ᠠ ᠶᠢᠨ 28 ᠎ ᠤ ᠡᠳᠦᠷ ᠂ ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠪᠠ ᠃


0329王莉霞在锡林郭勒盟检查森林草原防火工作.jpg


0329王莉霞在锡林郭勒盟检查森林草原防火工作2.jpg


      ᠰᠢᠪᠠᠷ ᠱᠠᠯᠴᠢᠭ ᠲᠠᠢ ᠵᠥᠷᠢᠭ ᠵᠠᠮ ᠢᠶᠠᠷ ᠂ ᠸᠠᠩ ᠯᠢ ᠰᠢᠶᠠ ᠪᠣᠭᠳᠠ ᠠᠭᠤᠯᠠ ᠶᠢᠨ ᠤᠢ ᠰᠢᠭᠤᠢ ᠶᠢᠨ ᠲᠠᠯᠠᠪᠠᠢ ᠶᠢᠨ ᠲᠦᠢᠮᠡᠷ ᠢ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ ᠳᠤ ᠣᠷᠣᠵᠤ ᠂ ᠵᠢᠵᠢᠭᠦᠷᠯᠡᠵᠦ ᠪᠠᠶᠢᠭ᠎ᠠ ᠲᠦᠢᠮᠡᠷ ᠰᠡᠷᠭᠡᠶᠢᠯᠡᠭᠴᠢ ᠶᠢ ᠡᠷᠭᠢᠨ ᠦᠵᠡᠪᠡ ᠃ ᠳᠣᠲᠣᠷ ᠥᠷᠥᠭᠡᠨ ᠳᠤᠨᠢ ᠣᠷᠣᠵᠤ ᠢᠷᠡᠭᠡᠳ ᠂ ᠲᠡᠷᠡ ᠬᠠᠨᠵᠤ ᠪᠣᠯᠣᠨ ᠳᠤᠯᠠᠭᠠᠮᠵᠢ ᠶᠢ ᠪᠠᠷᠢᠵᠤ ᠂ ᠳᠡᠪᠦᠷ᠎ᠡ ᠶᠢ ᠡᠷᠭᠦᠨ ᠵᠤᠤᠬᠠᠨ ᠤ ᠭᠠᠯ ᠳᠦᠷᠡᠯᠵᠡᠵᠦ ᠪᠠᠶᠢᠬᠤ ᠡᠰᠡᠬᠦ ᠶᠢ ᠦᠵᠡᠵᠦ ᠂ ᠭᠠᠯ ᠰᠡᠷᠭᠡᠶᠢᠯᠡᠭᠴᠢ ᠪᠠᠷ ᠤᠲᠠᠰᠤ ᠠᠪᠤᠭᠤᠯᠵᠤ ᠂ ᠭᠠᠷ ᠤᠲᠠᠰᠤᠨ ᠤ ᠳᠣᠬᠢᠶ᠎ᠠ ᠨᠢ ᠰᠠᠶᠢᠨ ᠪᠠᠶᠢᠬᠤ ᠡᠰᠡᠬᠦ ᠶᠢ ᠦᠵᠡᠪᠡ ᠃ ᠲᠡᠷᠡ ᠳᠠᠭᠠᠵᠤ ᠶᠠᠪᠤᠭ᠎ᠠ ᠠᠵᠢᠯᠲᠠᠳ ᠢ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠱᠠᠭᠠᠷᠳᠠᠵᠤ ᠂ ᠣᠶ ᠰᠢᠭᠤᠢ ᠶᠢ ᠴᠢᠩᠭ᠎ᠠ ᠮᠠᠨᠠᠵᠤ ᠂ ᠥᠪᠡᠷ ᠤᠨ ᠠᠮᠤᠷ ᠲᠦᠪᠰᠢᠨ ᠢᠶᠠᠨ ᠠᠩᠬᠠᠷᠬᠤ ᠬᠡᠷᠡᠭᠲᠡᠢ ᠭᠡᠵᠦ ᠭᠠᠯ ᠰᠡᠷᠭᠡᠶᠢᠯᠡᠭᠴᠢᠳ ᠲᠤ ᠵᠠᠬᠢᠪᠠ ᠃

      ᠪᠣᠭᠳᠠ ᠠᠭᠤᠯᠠ ᠶᠢᠨ ᠣᠶ ᠰᠢᠭᠤᠢ ᠶᠢᠨ ᠲᠠᠯᠠᠪᠠᠶ ᠳᠤ ᠂ ᠸᠠᠩ ᠯᠢ ᠰᠢᠶᠠ ᠣᠶ ᠰᠢᠭᠤᠢ ᠶᠢᠨ ᠲᠠᠯᠠᠪᠠᠶ ᠵᠢᠴᠢ ᠬᠢᠯᠢ ᠶᠢᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠶᠡᠷᠦᠩᠬᠡᠢ ᠪᠠᠶᠢᠳᠠᠯ ᠢ ᠨᠠᠷᠢᠨ ᠣᠶᠢᠯᠠᠭᠠᠵᠤ ᠂ ᠵᠢᠯᠤᠭᠤᠳᠬᠤ ᠲᠡᠷᠭᠡᠨ ᠳᠤ ᠭᠠᠷᠴᠤ ᠠᠯᠤᠰ ᠡᠵᠡᠮᠰᠢᠯᠲᠦ ᠸᠢᠳᠢᠤ᠋ ᠰᠢᠰᠲ᠋ᠧᠮ ᠢᠶᠠᠷ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠶᠢ ᠬᠢᠨᠠᠨ ᠭᠡᠮᠵᠢᠭᠦ ᠴᠡᠭ ᠢ ᠪᠠᠶᠢᠴᠠᠭᠠᠨ ᠦᠵᠡᠪᠡ ᠃ ᠲᠡᠷᠡ ᠂ ᠴᠠᠭ ᠠᠭᠤᠷ ᠂ ᠭᠠᠵᠠᠷ ᠬᠥᠳᠡᠯᠦᠯᠲᠡ ᠂ ᠤᠢ ᠰᠢᠭᠤᠢ ᠨᠤᠲᠤᠭ ᠪᠡᠯᠴᠢᠭᠡᠷ ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠰᠠᠯᠠᠭ᠎ᠠ ᠮᠥᠴᠢᠷ ᠤᠨ ᠮᠡᠷᠭᠡᠵᠢᠯ ᠤᠨ ᠰᠡᠷᠭᠡᠶᠢᠯᠡᠯᠲᠡ ᠶᠢᠨ ᠲᠠᠪᠴᠠᠩ ᠢ ᠨᠡᠶᠢᠳᠬᠡᠵᠦ ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠭᠦ ᠶᠢ ᠪᠡᠶᠡᠯᠡᠭᠦᠯᠵᠦ ᠂ ᠳᠠᠪᠬᠤᠷᠳᠠᠭᠤᠯᠤᠨ ᠪᠠᠶᠢᠭᠤᠯᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠬᠡᠯᠡᠪᠡ ᠃


0329王莉霞在锡林郭勒盟检查森林草原防火工作3.jpg


      ᠪᠣᠭᠳᠠ ᠠᠭᠤᠯᠠ ᠶᠢᠨ ᠣᠶ ᠰᠢᠭᠤᠢ ᠶᠢᠨ ᠲᠠᠯᠠᠪᠠᠶ ᠠᠴᠠ ᠰᠠᠯᠤᠭᠰᠠᠨ ᠤ ᠳᠠᠷᠠᠭ᠎ᠠ ᠂ ᠸᠠᠩ ᠯᠢ ᠰᠢᠶᠠ ᠵᠠᠮ ᠳᠠᠭᠠᠤ ᠬᠢᠯᠢ ᠶᠢᠨ ᠲᠦᠢᠮᠡᠷ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠪᠠᠶᠢᠴᠠᠭᠠᠨ ᠦᠵᠡᠪᠡ ᠃ ᠲᠡᠷᠡ ᠂ ᠬᠢᠯᠢ ᠥᠩᠭᠡᠷᠡᠬᠦ ᠲᠦᠢᠮᠡᠷ ᠢ ᠡᠷᠲᠡ ᠤᠨᠲᠠᠷᠠᠭᠠᠵᠤ ᠪᠠᠭ᠎ᠠ ᠳᠡᠭᠡᠷ᠎ᠡ ᠨᠢ ᠤᠨᠲᠠᠷᠠᠭᠠᠬᠤ ᠨᠢ ᠮᠠᠰᠢ ᠵᠠᠩᠭᠢᠯᠠᠭ᠎ᠠ ᠪᠣᠯᠣᠨ᠎ᠠ ᠂ ᠲᠦᠢᠮᠡᠷ ᠤᠨ ᠡᠬᠢ ᠶᠢ ᠤᠷᠢᠳ ᠢᠶᠠᠷ ᠰᠡᠷᠡᠮᠵᠢᠯᠡᠭᠦᠯᠵᠦ ᠂ ᠡᠷᠲᠡᠬᠡᠨ ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ ᠃


0329王莉霞在锡林郭勒盟检查森林草原防火工作4.jpg


      ᠭᠡᠰᠡᠭᠡᠨᠭᠤᠯᠠ ᠲᠠᠷᠢᠶᠠᠯᠠᠩ ᠮᠠᠯᠵᠢᠯ ᠤᠨ ᠲᠠᠯᠠᠪᠠᠢ ᠳᠤ ᠬᠦᠷᠴᠦ ᠂ ᠸᠠᠩ ᠯᠢ ᠰᠢᠶᠠ ᠲᠦᠢᠮᠡᠷ ᠢ ᠰᠡᠷᠭᠡᠶᠢᠯᠡᠵᠦ ᠲᠦᠢᠮᠡᠷ ᠢ ᠤᠨᠲᠠᠷᠠᠭᠠᠬᠤ ᠡᠳ᠋ ᠪᠣᠳᠠᠰ ᠤᠨ ᠨᠥᠭᠡᠴᠡ ᠂ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ ᠂ ᠬᠠᠪᠤᠷ ᠤᠨ ᠤᠯᠠᠷᠢᠯ ᠤᠨ ᠭᠠᠯ ᠤᠨ ᠭᠠᠮᠰᠢᠭ ᠡᠭᠦᠰᠭᠦ ᠰᠢᠯᠲᠠᠭᠠᠨ ᠢ ᠠᠰᠠᠭᠤᠪᠠ ᠃ ᠲᠡᠷᠡ ᠂ ᠣᠯᠠᠨ ᠵᠢᠯ ᠤᠨ ᠬᠠᠶᠢᠨ ᠰᠦᠪᠡᠭᠴᠢᠯᠡᠯᠲᠡ ᠪᠠᠷ ᠪᠦᠷᠢᠯᠳᠦᠭᠰᠡᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠷᠰᠢᠯᠭ᠎ᠠ ᠠᠷᠭ᠎ᠠ ᠬᠢᠳᠡᠯ ᠢ ᠦᠨᠡᠨ ᠪᠣᠳᠠᠲᠠᠢ ᠨᠠᠶᠢᠳᠠᠪᠤᠷᠢᠵᠢᠭᠤᠯᠵᠤ ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠣᠯᠠᠨ ᠡᠭᠦᠰᠭᠦ ᠬᠤᠭᠤᠴᠠᠭ᠎ᠠ ᠶᠢ ᠲᠣᠭᠲᠠᠭᠤᠨ ᠢᠶᠠᠷ ᠳᠤᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ ᠃


0329王莉霞在锡林郭勒盟检查森林草原防火工作5.jpg


0329王莉霞在锡林郭勒盟检查森林草原防火工作6.jpg


      ᠵᠠᠮ ᠵᠠᠭᠤᠷ᠎ᠠ ᠂ ᠸᠠᠩ ᠯᠢ ᠰᠢᠶᠠ ᠤᠷᠢᠳ ᠢᠶᠠᠷ ᠮᠡᠳᠡᠭᠳᠡᠯ ᠦᠭᠡᠢ ᠪᠠᠷ ᠭᠡᠰᠡᠭᠡᠨᠭᠤᠯᠠ ᠶᠢᠨ ᠡᠮᠦᠨᠡᠳᠡᠬᠢ ᠵᠠᠳᠠᠭᠠᠢ ᠨᠡᠭᠦᠷᠡᠰᠦᠨ ᠠᠭᠤᠷᠬᠠᠢ ᠳᠤ ᠰᠢᠭᠤᠳ ᠣᠷᠣᠵᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ ᠃ ᠲᠡᠷᠡ ᠠᠵᠢᠯ ᠤᠨ ᠠᠬᠤᠢ ᠲᠠᠯᠠᠪᠠᠶ ᠳᠤ ᠬᠦᠷᠴᠦ ᠶᠡᠨᠳᠡᠷ ᠤᠨ ᠨᠠᠯᠠᠤᠴᠠ ᠶᠢ ᠣᠶᠢᠯᠠᠭᠠᠵᠤ ᠂ ᠲᠣᠭᠤᠷᠢᠨ ᠪᠠᠶᠢᠴᠠᠭᠠᠬᠤ ᠡᠬᠡ ᠲᠠᠩᠰᠠ ᠶᠢ ᠪᠠᠶᠢᠴᠠᠭᠠᠨ ᠦᠵᠡᠵᠦ ᠂ ᠰᠢᠨ ᠵᠢᠩ ᠨᠡᠭᠦᠷᠡᠰᠦᠨ ᠤ ᠦᠢᠯᠡᠰ ᠤᠨ ᠵᠠᠳᠠᠭᠠᠢ ᠨᠡᠭᠦᠷᠡᠰᠦᠨ ᠠᠭᠤᠷᠬᠠᠢ ᠶᠢᠨ ᠶᠡᠭᠦᠷᠡᠭᠰᠡᠨ ᠠᠳᠡᠯ ᠢᠶᠠᠷ ᠲᠣᠯᠢ ᠪᠤᠯᠭᠠᠵᠤ ᠂ ᠦᠨᠡᠨ ᠬᠦ ᠬᠠᠲᠠᠭᠤ ᠲᠠᠢ ᠨᠢ ᠬᠠᠯᠳᠠᠵᠤ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠥᠷᠨᠢᠭᠦᠯᠵᠦ ᠂ ᠠᠮᠤᠷ ᠲᠦᠪᠰᠢᠨ ᠤ ᠵᠢᠷᠤᠮᠵᠢᠯ ᠢ ᠴᠢᠩᠭ᠎ᠠ ᠵᠢᠷᠤᠮᠯᠠᠨ ᠦᠢᠯᠡᠳᠪᠦᠷᠢᠯᠡᠵᠦ ᠂ ᠭᠡᠮ ᠰᠣᠭᠤᠭ ᠢ ᠠᠳᠡᠯ ᠪᠣᠯᠭᠠᠨ ᠵᠢᠭᠰᠠᠭᠠᠨ ᠪᠠᠶᠢᠴᠠᠭᠠᠵᠤ ᠂ ᠬᠡᠯᠪᠡᠷᠢᠴᠢ ᠦᠵᠡᠯ ᠂ ᠶᠣᠰᠣᠨ ᠲᠡᠳᠦᠢ ᠥᠩᠭᠡᠷᠡᠭᠦᠯᠬᠦ ᠶᠢ ᠡᠷᠡᠰ ᠬᠤᠷᠢᠭᠯᠠᠵᠤ ᠂ ᠶᠠᠮᠠᠷᠪᠠ ᠠᠶᠤᠯ ᠲᠦᠭᠰᠢᠭᠦᠷᠢ ᠭᠡᠮ ᠰᠣᠭᠤᠭ ᠢ ᠶᠠᠭᠠᠬᠢᠭᠰᠠᠨ ᠴᠤ ᠣᠷᠬᠢᠭᠳᠠᠭᠤᠯᠵᠤ ᠪᠤᠯᠬᠤ ᠦᠭᠡᠢ ᠂ ᠪᠠᠭ᠎ᠠ ᠠᠰᠠᠭᠤᠳᠠᠯ ᠢ ᠶᠠᠭᠠᠬᠢᠭᠰᠠᠨ ᠴᠤ ᠶᠡᠭᠡ ᠠᠰᠠᠭᠤᠳᠠᠯ ᠪᠣᠯᠭᠠᠨ ᠬᠤᠪᠢᠷᠠᠭᠤᠯᠵᠤ ᠪᠤᠯᠬᠤ ᠦᠭᠡᠢ ᠭᠡᠵᠦ ᠱᠠᠭᠠᠷᠳᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ