ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠳᠠᠷᠬᠠᠨ ᠣᠷᠣᠨ ᠳᠤ ᠠᠩᠬ᠎ᠠ ᠤᠳᠠᠭ᠎ᠠ ᠴᠣᠬᠤᠷ ᠴᠣᠭᠤᠨᠳᠠᠢ ᠢᠯᠡᠷᠡᠪᠡ
ᠨᠡᠶᠢᠲᠡᠯᠡᠭᠰᠡᠨ ᠴᠠᠭ᠄
2023/3/29


      ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠳᠠᠷᠬᠠᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠬᠡᠭᠡᠷ᠎ᠡ ᠭᠠᠳᠠᠨ᠎ᠠ ᠠᠴᠠ ᠬᠤᠷᠢᠶᠠᠨ ᠠᠪᠴᠢᠷᠠᠭᠰᠠᠨ ᠬᠡᠲᠦ ᠤᠯᠠᠭᠠᠨ ᠰᠠᠴᠤᠷᠠᠭ ᠤᠨ ᠬᠡᠷᠡᠯ ᠵᠢᠷᠤᠭ ᠤᠨ ᠮᠠᠰᠢᠨ ᠤ ᠰᠡᠭᠦᠳᠡᠷᠯᠡᠭᠰᠡᠨ ᠮᠠᠲ᠋ᠧᠷᠢᠶᠠᠯ ᠤᠳ ᠢᠶᠠᠨ ᠡᠮᠬᠢᠯᠡᠵᠦ ᠪᠠᠶᠢᠬᠤ ᠳᠤ ᠪᠠᠨ ᠂ ᠬᠡᠷᠡᠯ ᠵᠢᠷᠤᠭ ᠤᠨ ᠮᠠᠰᠢᠨ ᠎ ᠨᠢ ᠨᠢᠭᠡᠨ ᠬᠠᠴᠢᠨ ︽ᠲᠣᠮᠣ ᠮᠤᠤᠷ︾ ᠵᠢᠷᠤᠭᠯᠠᠨ ᠰᠡᠭᠦᠳᠡᠷᠯᠡᠭᠰᠡᠨ ᠢ ᠣᠯᠵᠤ ᠮᠠᠲᠠᠵᠠᠢ᠃ ᠪᠡᠭᠡᠵᠢᠩ ᠤᠨ ᠣᠶ ᠰᠢᠭᠤᠢ ᠶᠢᠨ ᠶᠡᠭᠡ ᠰᠤᠷᠭᠠᠭᠤᠯᠢ ᠶᠢᠨ ᠬᠡᠭᠡᠷ᠎ᠡ ᠶᠢᠨ ᠠᠮᠢᠲᠠᠨ ᠤ ᠲᠤᠰᠬᠠᠢ ᠮᠡᠷᠭᠡᠵᠢᠯᠲᠡᠳ ᠤᠨ ᠬᠢᠨᠠᠨ ᠲᠣᠭᠲᠠᠭᠠᠭᠰᠠᠨ ᠢᠶᠠᠷ᠂ ᠲᠡᠷᠡ ᠨᠢ ᠤᠯᠤᠰ ᠤᠨ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠬᠡᠭᠡᠷ᠎ᠡ ᠶᠢᠨ ᠠᠮᠢᠲᠠᠨ ᠴᠣᠬᠤᠷ ᠴᠣᠭᠤᠨᠳᠠᠢ ᠪᠣᠯᠬᠤ ᠠᠵᠢ᠃

      ᠡᠨᠡ ᠪᠣᠯ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠳᠠᠷᠬᠠᠨ ᠣᠷᠣᠨ ᠳᠤ ᠠᠩᠬ᠎ᠠ ᠤᠳᠠᠭ᠎ᠠ ᠰᠡᠭᠦᠳᠡᠷᠯᠡᠭᠰᠡᠨ ᠵᠡᠷᠯᠢᠭ ᠴᠣᠬᠤᠷ ᠴᠣᠭᠤᠨᠳᠠᠢ ᠶᠢᠨ ᠬᠡᠷᠡᠯ ᠵᠢᠷᠤᠭ ᠤᠨ ᠮᠠᠲ᠋ᠧᠷᠢᠶᠠᠯ ᠪᠣᠯᠣᠨ᠎ᠠ᠃ ᠴᠣᠬᠤᠷ ᠴᠣᠭᠤᠨᠳᠠᠢ ᠭᠤᠣᠯᠳᠠᠭᠤ ᠠᠭᠤᠯᠠᠷᠬᠠᠭ ᠣᠷᠣᠨ ᠤ ᠰᠢᠭᠤᠶᠢᠲᠤ ᠣᠷᠣᠨ᠂ ᠬᠡᠭᠡᠷ᠎ᠡ ᠲᠠᠯ᠎ᠠ ᠎ ᠶᠢᠨ ᠪᠣᠲᠠ ᠰᠥᠭᠡᠭ ᠪᠠ ᠣᠶ ᠰᠢᠭᠤᠢ ᠎ ᠶᠢᠨ ᠵᠠᠬ᠎ᠠ ᠠᠶᠢᠯ ᠲᠣᠰᠬᠤᠨ ᠤ ᠬᠠᠪᠢ ᠪᠠᠷ ᠣᠷᠣᠩᠨᠠᠵᠤ᠂ ᠣᠯᠠᠩᠬᠢ ᠳᠤ ᠪᠠᠨ ᠮᠣᠳᠣᠨ ᠤ ᠨᠦᠬᠡ᠂ ᠰᠢᠷᠣᠢ ᠶᠢᠨ ᠨᠦᠬᠡ᠂ ᠴᠢᠯᠠᠭᠤᠨ ᠳᠣᠣᠷ᠎ᠠ ᠪᠤᠶᠤ ᠴᠢᠯᠠᠭᠤᠨ ᠤ ᠵᠠᠪᠰᠠᠷ ᠢᠶᠠᠷ ᠡᠭᠦᠷᠯᠡᠳᠡᠭ ᠂ ᠰᠦᠨᠢ ᠶᠢᠨ ᠠᠮᠢᠲᠠᠨ ᠂ ᠥᠷᠯᠥᠭᠡ ᠦᠳᠡᠰᠢ ᠶᠢᠨ ᠬᠤᠭᠤᠷᠣᠨᠳᠤ ᠬᠥᠳᠡᠯᠭᠡᠭᠡᠨ ᠬᠢᠬᠦ ᠨᠢ ᠨᠠᠩ ᠣᠯᠠᠨ ᠪᠠᠶᠢᠳᠠᠭ᠃ ᠠᠷᠠᠰᠤᠨ ᠤ ᠠᠷᠠᠯᠵᠢᠶ᠎ᠠ ᠣᠯᠠᠰᠢᠷᠠᠨ ᠂ ᠮᠠᠰᠢ ᠣᠯᠠᠨ ᠭᠠᠵᠠᠷ ᠲᠤ ᠬᠡᠲᠦᠷᠡᠲᠡᠯ᠎ᠡ ᠠᠩᠨᠠᠭᠰᠠᠨ ᠎ ᠠᠴᠠ ᠣᠷᠣ ᠰᠤᠷᠠᠭ ᠲᠠᠰᠤᠷᠠᠭᠠᠳ ᠪᠠᠶᠢᠵᠠᠢ᠃

      ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠳᠠᠷᠬᠠᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠴᠣᠬᠤᠷ ᠴᠣᠭᠤᠨᠳᠠᠢ ᠪᠣᠯ ᠵᠢᠵᠢᠭ ᠬᠡᠯᠪᠡᠷᠢ ᠶᠢᠨ ᠬᠥᠬᠦᠲᠡᠨ ᠠᠮᠢᠲᠠᠨ ᠤ ᠢᠳᠡᠰᠢᠨ ᠭᠢᠨᠵᠢ ᠶᠢᠨ ᠳᠣᠲᠣᠷᠠᠬᠢ ᠳᠡᠭᠡᠳᠦ ᠲᠠᠰ ᠤᠨ ᠠᠮᠢᠲᠠᠨ ᠤ ᠲᠥᠷᠥᠯ ᠪᠠᠶᠢᠵᠤ ᠂ ᠣᠶ ᠰᠢᠭᠤᠢ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠪᠦᠲᠦᠴᠡ ᠪᠠ ᠴᠢᠳᠠᠮᠵᠢ ᠶᠢ ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠲᠠᠢ᠃ ᠡᠨᠡ ᠤᠳᠠᠭ᠎ᠠ ᠴᠣᠬᠤᠷ ᠴᠣᠭᠤᠨᠳᠠᠢ ᠶᠢᠨ ᠢᠯᠡᠷᠡᠭᠰᠡᠨ ᠨᠢ ᠳᠠᠷᠬᠠᠨ ᠣᠷᠣᠨ ᠤ ᠪᠣᠳᠠᠰ ᠤᠨ ᠲᠥᠷᠦᠯ ᠳᠦᠷᠰᠦ ᠶᠢ ᠲᠡᠮᠳᠡᠭᠯᠡᠬᠦ ᠮᠠᠲ᠋ᠧᠷᠢᠶᠠᠯ ᠤᠨ ᠬᠥᠮᠥᠷᠭᠡ ᠶᠢ ᠪᠠᠶᠠᠯᠢᠭᠵᠢᠭᠤᠯᠤᠭᠰᠠᠨ ᠢᠶᠠᠷ ᠦᠯᠦ ᠪᠠᠷᠠᠮ ᠳᠠᠷᠬᠠᠨ ᠣᠷᠣᠨ ᠤ ᠠᠮᠢ ᠠᠬᠤᠢ ᠣᠷᠴᠢᠨ ᠲᠣᠭᠤᠷᠢᠨ ᠵᠢᠴᠢ ᠠᠮᠢᠲᠠᠨ ᠤ ᠬᠠᠮᠠᠭᠠᠯᠠᠯᠲᠠ ᠶᠢᠨ ᠠᠵᠢᠯ ᠤᠨ ᠲᠣᠪᠣᠶᠢᠮ᠎ᠠ ᠦᠷ᠎ᠡ ᠪᠦᠲᠦᠮᠵᠢ ᠶᠢ ᠴᠦ ᠲᠤᠰᠬᠠᠵᠤ ᠪᠠᠶᠢᠨ᠎ᠠ᠃ ᠳᠠᠷᠠᠭᠠᠴᠢ ᠪᠠᠷ ᠠᠯᠠᠱᠠ ᠠᠭᠤᠯᠠ ᠶᠢᠨ ᠳᠠᠷᠬᠠᠨ ᠣᠷᠣᠨ ᠨᠢ ᠠᠮᠢ ᠠᠬᠤᠢ ᠶᠢᠨ ᠬᠠᠮᠠᠭᠠᠯᠠᠯᠲᠠ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠠᠵᠢᠯ ᠤᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠳᠬᠠᠨ ᠂ ᠠᠮᠢ ᠠᠬᠤᠢ ᠶᠢᠨ ᠰᠢᠰᠲ᠋ᠧᠮ ᠪᠠ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠬᠤ ᠶᠢ ᠠᠬᠢᠭᠤᠯᠬᠤ ᠪᠣᠯᠣᠨ᠎ᠠ᠃ ᠡᠭᠦᠨ ᠤ ᠬᠠᠮᠲᠤ᠂ ᠬᠡᠲᠦ ᠤᠯᠠᠭᠠᠨ ᠰᠠᠴᠤᠷᠠᠭ ᠤᠨ ᠭᠡᠷᠡᠯ ᠵᠢᠷᠤᠭ ᠤᠨ ᠮᠠᠰᠢᠨ ᠪᠠᠶᠢᠷᠢᠯᠠᠭᠤᠯᠬᠤ ᠴᠡᠭ ᠪᠠᠶᠢᠷᠢ ᠪᠠᠨ ᠨᠡᠮᠡᠭᠳᠡᠭᠦᠯᠵᠦ᠂ ᠬᠡᠭᠡᠷ᠎ᠡ ᠶᠢᠨ ᠠᠮᠢᠲᠠᠨ ᠢ ᠬᠢᠨᠠᠨ ᠰᠢᠨᠵᠢᠯᠡᠬᠦ ᠪᠠᠨ ᠴᠢᠩᠭᠠᠳᠬᠠᠨ᠂ ᠬᠠᠮᠠᠭᠠᠯᠠᠯᠲᠠ ᠶᠢᠨ ᠣᠷᠣᠨ ᠤ ᠬᠡᠭᠡᠷ᠎ᠡ ᠶᠢᠨ ᠠᠮᠢᠲᠠᠨ ᠤ ᠲᠤᠭ᠎ᠠ ᠪᠠᠷᠢᠮᠲᠠ ᠶᠢᠨ ᠬᠥᠮᠥᠷᠭᠡ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠳᠠᠷᠬᠠᠨ ᠣᠷᠣᠨ ᠤ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠣᠶᠢᠯᠠᠭᠠᠬᠤ ᠪᠠ ᠤᠯᠤᠰ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠲᠤᠭ᠎ᠠ ᠪᠠᠷᠢᠮᠲᠠ ᠶᠢᠨ ᠬᠦᠴᠦᠲᠡᠢ ᠲᠤᠯᠭᠠᠭᠤᠷᠢᠯᠠᠯ ᠬᠠᠩᠭᠠᠨ᠎ᠠ᠃

 

 

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ