10 ᠰᠠᠯᠠᠭ᠎ᠠ ᠮᠥᠴᠢᠷ ︽ᠲᠥᠰᠥᠯ︾ ᠳᠠᠷᠤᠮᠠᠯᠯᠠᠨ ᠲᠠᠷᠬᠠᠭᠠᠵᠤ ᠪᠣᠯᠪᠠᠰᠤᠨ ᠳᠠᠬᠢᠯᠭ᠎ᠠ ᠶᠢ ᠰᠠᠨᠠᠭᠠᠴᠢᠯᠠᠪᠠ
ᠨᠡᠶᠢᠲᠡᠯᠡᠭᠰᠡᠨ ᠴᠠᠭ᠄
2023/3/29

      ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠤᠷᠢᠶᠠᠨ ᠤ ᠠᠯᠪᠠᠨ ᠭᠡᠷ ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠵᠠᠮ ᠬᠠᠷᠢᠯᠴᠠᠭᠠᠨ ᠤ ᠲᠢᠩᠬᠢᠮ ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠭᠠᠯ ᠰᠡᠷᠭᠡᠶᠢᠯᠡᠵᠦ ᠠᠪᠤᠷᠠᠨ ᠲᠤᠰᠠᠯᠠᠬᠤ ᠶᠡᠷᠦᠩᠬᠡᠢ ᠠᠩᠭᠢ ᠵᠡᠷᠭᠡ 10 ᠰᠠᠯᠠᠭ᠎ᠠ ᠮᠥᠴᠢᠷ ᠬᠤᠯᠪᠣᠭᠠᠯᠠᠨ ︽2023 ᠣᠨ ᠤ ᠬᠠᠩᠰᠢ ᠶᠢᠨ ᠡᠳᠦᠷ ᠤᠨ ᠳᠠᠬᠢᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠲᠤᠬᠠᠢ ᠲᠥᠰᠥᠯ︾ ᠢ ᠳᠠᠷᠤᠮᠠᠯᠯᠠᠨ ᠲᠠᠷᠬᠠᠭᠠᠵᠦ᠂ ᠬᠠᠩᠰᠢ ᠶᠢᠨ ᠡᠳᠦᠷ ᠤᠨ ᠲᠠᠬᠢᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠳᠤ ᠪᠠᠶᠢᠷᠢᠯᠠᠭᠤᠯᠤᠯᠲᠠ ᠬᠢᠵᠦ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠪᠣᠯᠣᠨ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠠᠴᠠ ᠬᠠᠩᠰᠢ ᠶᠢᠨ ᠡᠳᠦᠷ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ ᠂ ᠣᠯᠠᠨ ᠲᠦᠮᠡᠨ ᠤ ᠲᠠᠬᠢᠯᠭ᠎ᠠ ᠶᠢᠨ ᠬᠡᠷᠡᠭᠴᠡᠭᠡ ᠶᠢ ᠬᠠᠩᠭᠠᠨ ᠂ ᠳᠠᠯᠳᠠ ᠭᠡᠮ ᠢ ᠰᠠᠶᠢᠲᠤᠷ ᠰᠡᠷᠭᠡᠶᠢᠯᠡᠨ ᠠᠷᠢᠯᠭᠠᠵᠦ ᠂ ᠬᠠᠩᠰᠢ ᠤᠨ ᠡᠳᠦᠷ ᠢ ᠪᠣᠯᠪᠠᠰᠤᠨ ᠢᠶᠠᠷ ᠦᠩᠭᠡᠷᠡᠬᠦᠯᠬᠦ ᠶᠢ ᠰᠠᠨᠠᠭᠠᠴᠢᠯᠠᠬᠤ ᠬᠡᠷᠡᠭᠲᠡᠢ ᠭᠡᠵᠦ ᠱᠠᠭᠠᠷᠳᠠᠪᠠ ᠃

      ︽ᠲᠥᠰᠥᠯ︾ ᠳᠤ ᠂ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ  ᠠᠴᠠ ᠪᠠᠨ ᠠᠵᠢᠯᠯᠠᠵᠤ ᠂ ᠣᠯᠠᠨ ᠲᠦᠮᠡᠨ ᠤ ᠳᠠᠬᠢᠯᠭ᠎ᠠ ᠶᠢᠨ ᠠᠵᠢᠯᠯᠠᠭ᠎ᠠ  ᠬᠢᠬᠦ ᠳᠤ ᠴᠢᠨᠠᠷ ᠰᠠᠶᠢᠲᠠᠢ ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠢ ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ  ᠨᠤᠭᠤᠳ ᠭᠠᠷ ᠤᠲᠠᠰᠤᠨ ᠤ ᠬᠡᠷᠡᠭᠯᠡᠭᠴᠢ ᠶᠢᠨ ᠳᠠᠪᠴᠠᠩ ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠦᠢᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ ᠂ ᠲᠠᠬᠢᠯᠭ᠎ᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ  ᠨᠢ ᠨᠡᠶᠢᠲᠡᠯᠡᠵᠦ ᠂ ᠣᠯᠠᠨ ᠲᠦᠮᠡᠨ ᠤ ᠲᠠᠬᠢᠯᠭ᠎ᠠ ᠶᠢᠨ ᠪᠠᠶᠢᠳᠠᠯ ᠢ ᠴᠠᠭ ᠲᠤᠬᠠᠢ ᠳᠤ ᠨᠢ ᠡᠵᠡᠮᠰᠢᠬᠦ ᠳᠤ ᠲᠥᠬᠦᠮ ᠦᠵᠡᠭᠦᠯᠬᠦ ᠬᠡᠷᠡᠭᠲᠡᠢ︔ ᠦᠢᠯᠡᠴᠢᠯᠡᠭᠡᠨ ᠤ ᠰᠦᠢᠳᠬᠡᠯ ᠬᠤᠷᠢᠶᠠᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠂ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠬᠤ ᠂ ᠪᠣᠭᠤᠵᠢᠯᠠᠭᠰᠠᠨ ᠬᠡᠷᠡᠭᠯᠡᠭᠡ ᠵᠡᠷᠭᠡ ᠦᠵᠡᠭᠳᠡᠯ ᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ︔ ᠦᠢᠯᠡᠴᠢᠯᠡᠭᠡᠨ ᠤ ᠠᠵᠢᠯ ᠳᠤ ᠪᠠᠨ ᠣᠯᠠᠨ ᠲᠦᠮᠡᠨ ᠤ ᠲᠠᠬᠢᠯᠭ᠎ᠠ ᠳᠤ ᠲᠥᠬᠦᠮ ᠦᠵᠡᠭᠦᠯᠬᠦ ᠠᠴᠠ ᠡᠭᠦᠰᠦᠨ ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠤᠩᠬᠤᠪᠴᠢ  ᠶᠢ ᠨᠡᠮᠡᠨ ᠲᠣᠬᠢᠷᠠᠭᠤᠯᠵᠤ ᠂ ᠦᠢᠯᠡᠴᠢᠯᠡᠭᠡᠨ ᠤ ᠴᠠᠭ ᠢ ᠤᠷᠲᠤᠳᠬᠠᠨ ᠂ ᠦᠢᠯᠡᠴᠢᠯᠡᠭᠡᠨ ᠤ ᠠᠵᠢᠯ ᠤᠨ ᠴᠤᠪᠤᠷᠠᠯ  ᠢ ᠰᠢᠯᠢᠳᠡᠭᠵᠢᠭᠦᠯᠵᠦ ᠂ ᠦᠢᠯᠡᠴᠢᠯᠡᠭᠡᠨ ᠤ ᠠᠷᠭ᠎ᠠ ᠪᠠᠷᠢᠯ ᠢ ᠰᠢᠨᠡᠴᠢᠯᠡᠵᠦ ᠂ ᠰᠠᠭᠠᠳ ᠦᠭᠡᠢ ᠨᠡᠪᠲᠡᠷᠡᠬᠦ ᠵᠠᠮ ᠲᠣᠬᠢᠷᠠᠭᠤᠯᠬᠤ ᠬᠡᠷᠡᠭᠲᠡᠢ  ᠭᠡᠵᠦ ᠱᠠᠭᠠᠷᠳᠠᠪᠠ ᠃

      ︽ᠲᠥᠰᠥᠯ︾ ᠳᠤ ᠂ ᠪᠥᠬᠦ ᠣᠷᠣᠨ ᠤ ᠡᠯ᠎ᠡ ᠭᠠᠵᠠᠷ ᠤᠨ ᠬᠢᠨ ᠴᠡᠴᠡᠭ ᠬᠦᠷᠭᠡᠬᠦ ᠂ ᠮᠣᠳᠣ ᠳᠠᠷᠢᠵᠦ ᠨᠣᠭᠤᠭᠠᠷᠠᠭᠤᠯᠬᠤ ᠂ ᠬᠠᠮᠲᠤ ᠨᠡᠶᠢᠲᠡ  ᠪᠠᠷ ᠲᠠᠬᠢᠯᠭ᠎ᠠ ᠬᠢᠬᠦ ᠂ ᠭᠡᠷ ᠪᠦᠯᠢ ᠪᠠᠷ ᠢᠶᠠᠨ ᠮᠥᠷᠥᠭᠡᠳᠦᠨ ᠰᠠᠨᠠᠭᠠᠯᠵᠠᠬᠤ ᠵᠡᠷᠭᠡ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠠᠷᠭ᠎ᠠ ᠬᠡᠯᠪᠡᠷᠢ ᠶᠢ ᠶᠡᠭᠡ ᠪᠠᠷ ᠳᠡᠯᠭᠡᠷᠡᠭᠦᠯᠵᠦ ᠂ ᠵᠠᠩ ᠳᠠᠳᠬᠠᠯ ᠢᠶᠠᠨ ᠥᠭᠡᠷᠡᠴᠢᠯᠡᠨ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠬᠡᠷᠡᠭᠲᠡᠢ ᠃ ᠡᠯ᠎ᠡ ᠭᠠᠵᠠᠷ ᠤᠨ ᠬᠢᠨ ᠦᠢᠯᠡᠴᠢᠯᠡᠭᠡᠨ ᠤ ᠵᠠᠭᠪᠤᠷ ᠢᠶᠠᠨ ᠢᠳᠡᠪᠬᠢᠲᠡᠢ ᠰᠢᠨᠡᠴᠢᠯᠡᠵᠦ ᠂ ︽ᠢᠨᠲ᠋ᠧᠷ ᠰᠦᠯᠵᠢᠶ᠎ᠡ + ᠣᠷᠣᠰᠢᠭᠤᠯᠭ᠎ᠠ  ᠶᠢᠨ ᠦᠢᠯᠡᠴᠢᠯᠡᠭᠡ︾ ᠶᠢᠨ ᠠᠵᠢᠯ ᠢ ᠠᠬᠢᠭᠤᠯᠵᠤ ᠂ ᠰᠦᠯᠵᠢᠶ᠎ᠡ ᠪᠠᠷ ᠲᠠᠬᠢᠯᠭ᠎ᠠ ᠬᠢᠬᠦ ᠂ ᠠᠯᠤᠰ ᠵᠠᠢ  ᠠᠴᠠ ᠰᠠᠯᠬᠤ ᠶᠣᠰᠣ ᠬᠢᠬᠦ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠥᠷᠥᠯ ᠵᠦᠢᠯ  ᠢ ᠨᠡᠭᠡᠭᠡᠨ ᠬᠥᠭᠵᠢᠭᠦᠯᠬᠦ ᠬᠡᠷᠡᠭᠲᠡᠢ ︔ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠠᠬᠢᠯᠭ᠎ᠠ ᠶᠢ ᠶᠡᠭᠡ ᠪᠠᠷ ᠳᠡᠯᠭᠡᠷᠡᠭᠦᠯᠵᠦ ᠂ ︽ᠣᠲᠤᠭ᠎ᠠ ᠦᠭᠡᠢ ᠣᠩᠭᠤᠨ ᠤ ᠬᠦᠷᠢᠶᠡᠯᠡᠩ︾ ᠢ ᠢᠳᠡᠪᠬᠢᠲᠡᠢ ᠡᠭᠦᠳᠦᠨ ᠪᠠᠶᠢᠭᠤᠯᠵᠤ ᠂ ︽ᠰᠣᠷᠭᠤᠭ ᠴᠡᠴᠡᠭ ᠢᠶᠠᠷ ᠴᠠᠭᠠᠰᠤᠨ ᠵᠣᠭᠤᠰ ᠢ ᠣᠷᠣᠯᠠᠭᠤᠯᠬᠤ ︾ ︽ᠲᠣᠷᠭᠠᠨ ᠪᠦᠴᠡ ᠪᠠᠷ ᠭᠠᠰᠢᠭᠤᠳᠠᠯ ᠢᠶᠠᠨ ᠢᠯᠡᠭᠡᠬᠦ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠣᠯᠬᠢ ᠪᠦᠳᠦᠭᠦᠯᠢᠭ ᠳᠠᠬᠢᠯᠭ᠎ᠠ ᠶᠢᠨ ᠬᠡᠷᠡᠭᠰᠡᠯ ᠪᠠ ᠹᠧᠣᠳᠠᠯ ᠤᠨ ᠮᠤᠬᠤᠷ ᠪᠢᠰᠢᠷᠡᠯ ᠤᠨ ᠦᠶᠯᠡ ᠠᠵᠢᠯᠯᠠᠭ᠎ᠠ ᠶᠢ ᠲᠡᠪᠴᠢᠬᠦ ᠬᠡᠷᠡᠭᠲᠡᠢ︔ ᠲᠠᠬᠢᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠶᠢ ᠤᠶᠠᠯᠳᠤᠭᠤᠯᠵᠤ ᠂ ᠤᠯᠠᠨ ᠲᠦᠮᠡᠨ ᠢ ᠵᠣᠷᠢᠭᠵᠢᠭᠤᠯᠤᠨ ᠬᠥᠲᠥᠯᠵᠦ ᠬᠠᠪᠤᠷ ᠤᠨ ᠵᠤᠭᠠᠴᠠᠯ ᠤᠨ ᠶᠠᠪᠤᠴᠠ ᠳᠤ ᠠᠯᠤᠰ ᠠᠴᠠ ᠳᠠᠬᠢᠯᠭ᠎ᠠ ᠬᠢᠬᠦ ᠂ ᠰᠣᠩᠭᠤᠳᠠᠭ ᠪᠦᠲᠦᠭᠡᠯ ᠢ ᠤᠩᠰᠢᠨ ᠤᠶᠠᠩᠭᠠᠯᠠᠬᠤ ᠵᠡᠷᠭᠡ ᠬᠡᠯᠪᠡᠷᠢ ᠪᠠᠷ ᠲᠠᠯᠶᠢᠭᠠᠴᠢᠳ ᠢᠶᠠᠨ  ᠳᠤᠷᠠᠰᠤᠨ ᠰᠠᠨᠠᠭᠠᠯᠵᠠᠵᠤ ᠂ ᠬᠠᠩᠰᠢ ᠶᠢᠨ ᠡᠳᠦᠷ ᠤᠨ ᠠᠭᠤᠯᠤᠭᠳᠠᠬᠤᠨ ᠢ ᠪᠠᠶᠠᠯᠢᠭᠵᠢᠭᠤᠯᠬᠤ ᠬᠡᠷᠡᠭᠲᠡᠢ︔ ᠣᠯᠠᠨ ᠲᠦᠮᠡᠨ  ᠢ ᠬᠥᠲᠥᠯᠥᠨ ᠵᠢᠯᠤᠭᠤᠳᠴᠤ ᠲᠠᠯᠶᠢᠭᠠᠴᠢᠳ  ᠢ ᠮᠥᠷᠥᠭᠡᠳᠦᠨ ᠰᠠᠨᠠᠭᠠᠯᠵᠠᠬᠤ ᠪᠠ ᠰᠢᠯᠢᠳᠡᠭ ᠰᠠᠶᠢᠨ ᠭᠡᠷ ᠪᠦᠯᠢ ᠶᠢᠨ ᠰᠤᠷᠭᠠᠯ ᠬᠡᠪ ᠰᠤᠷᠲᠠᠯ  ᠢ ᠪᠠᠳᠠᠷᠠᠭᠤᠯᠬᠤ  ᠶᠢ ᠣᠷᠭᠠᠨᠢᠭ ᠢᠶᠠᠷ ᠤᠶᠠᠯᠳᠤᠭᠤᠯᠵᠤ ᠂ ᠲᠤᠬᠠᠢ ᠶᠢᠨ ᠭᠠᠵᠠᠷ ᠲᠤ  ᠨᠢ ᠡᠳ᠋ ᠪᠣᠳᠠᠰ  ᠢᠶᠠᠷ ᠲᠠᠬᠢᠯᠭ᠎ᠠ ᠬᠢᠵᠦ ᠪᠠᠶᠢᠭᠰᠠᠨ  ᠠᠴᠠ ᠲᠠᠯᠶᠢᠭᠠᠴᠢᠳ  ᠤᠨ ᠣᠶᠤᠨ ᠰᠠᠨᠠᠭ᠎ᠠ ᠰᠣᠶᠣᠯ  ᠢ ᠤᠯᠠᠮᠵᠢᠯᠠᠨ ᠵᠠᠯᠭᠠᠮᠵᠢᠯᠠᠬᠤ ᠲᠠᠶᠢᠰᠢ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ