ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ  ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠲᠥᠪᠯᠡᠷᠡᠭᠦᠯᠦᠭᠰᠡᠨ ᠰᠤᠷᠤᠯᠴᠠᠯᠭ᠎ᠠ ᠳᠤ ᠣᠷᠤᠯᠴᠠᠬᠤ ᠳᠠᠭᠠᠨ ᠬᠡᠯᠡᠭᠰᠡᠨ ᠨᠢ —— ᠳᠡᠭᠡᠳᠦ ᠬᠡᠮᠵᠢᠶᠡᠨ  ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠪᠠᠲᠤ ᠴᠢᠩᠭ᠎ᠠ ᠲᠡᠦᠬᠡ  ᠶᠢᠨ ᠡᠭᠦᠷᠭᠡᠲᠦ ᠪᠤᠳᠤᠯ ᠢᠶᠠᠷ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ  ᠪᠠᠨ ᠰᠠᠶᠢᠲᠤᠷ ᠭᠦᠢᠴᠡᠳᠬᠡᠬᠦ ᠬᠡᠷᠡᠭᠲᠡᠢ  ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2023/3/3
      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠳᠠᠯ ᠦᠭᠡᠢ ᠬᠤᠷᠠᠯᠳᠤᠬᠤ ᠪᠣᠯᠣᠨ᠎ᠠ ᠃ ᠲᠥᠪ ᠬᠤᠷᠢᠶᠠᠨ ᠤ ᠱᠠᠭᠠᠷᠳᠠᠯᠭ᠎ᠠ ᠶᠣᠰᠣᠭᠠᠷ ᠂ 2 ᠰᠠᠷ᠎ᠠ ᠶᠢᠨ 28  ᠠᠴᠠ 3 ᠰᠠᠷ᠎ᠠ ᠶᠢᠨ 2 ᠤᠨ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ  ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠰᠦᠨ ᠱᠤᠤ ᠴᠧᠩ ᠠᠵᠢᠯᠯᠠᠭ᠎ᠠ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ ᠃

W020230303281904299912.jpg 

      ᠰᠦᠨ ᠱᠤᠤ ᠴᠧᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ  ᠤ ᠠᠭᠤᠤ ᠶᠡᠭᠡ ᠰᠡᠷᠭᠦᠨ ᠮᠠᠨᠳᠤᠯᠲᠠ ᠶᠢ

ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠮᠣᠷᠳᠠᠬᠤ ᠳᠤ ᠂ ᠨᠠᠮ ᠪᠣᠯᠣᠨ ᠤᠯᠤᠰ ᠤᠨ ᠠᠵᠢᠯ ᠦᠢᠯᠡᠰ  ᠤᠨ ᠬᠥᠭᠵᠢᠯᠲᠡ ᠠᠴᠠ ᠠᠷᠪᠠᠨ ᠳᠥᠷᠪᠡᠳᠦᠭᠡᠷ

ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤ ᠣᠯᠭᠤᠭᠰᠠᠨ ᠡᠭᠦᠷᠭᠡ ᠥᠩᠭᠡ ᠭᠡᠷᠡᠯᠲᠡᠢ ᠂ 

ᠬᠠᠷᠢᠭᠤᠴᠠᠯᠭ᠎ᠠ ᠬᠦᠨᠳᠦ ᠴᠢᠬᠤᠯᠠ ᠶᠤᠮ ᠃ ᠲᠥᠯᠥᠭᠡᠯᠡᠭᠴᠢᠳ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡ ᠶᠢᠨ ᠡᠭᠦᠷᠭᠡᠲᠦ ᠪᠤᠳᠤᠯ ᠢᠶᠠᠨ

ᠦᠨᠡᠨ ᠬᠦ ᠴᠢᠩᠭᠠᠳᠬᠠᠵᠤ ᠂ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠤᠳᠤᠵᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠨᠠᠮ ᠪᠠ ᠠᠷᠠᠳ ᠲᠦᠮᠡᠨ ᠤ

ᠢᠲᠡᠭᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠂ ︽ ᠬᠤᠶᠠᠷ ᠢ

ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠢᠮᠠᠭᠲᠠ ᠨᠠᠮ ᠳᠠᠭᠠᠨ ᠦᠨᠡᠨᠴᠢ ᠰᠢᠳᠤᠷᠭᠤ ᠂ ᠠᠷᠠᠳ

ᠲᠦᠮᠡᠨ ᠳᠡᠭᠡᠨ ᠦᠨᠡᠨᠴᠢ ᠰᠢᠳᠤᠷᠭᠤ ᠂ ᠦᠨᠳᠦᠰᠦᠨ ᠬᠠᠤᠯᠢ ᠬᠠᠤᠯᠢ ᠴᠠᠭᠠᠵᠠ ᠳᠤ ᠦᠨᠡᠨᠴᠢ ᠰᠢᠳᠤᠷᠭᠤ ᠪᠠᠶᠢᠬᠤ ᠬᠡᠷᠡᠭᠲᠡᠢ ᠃ ᠲᠥᠯᠥᠭᠡᠯᠡᠭᠴᠢ ᠶᠢᠨ ᠲᠤᠰᠢᠶᠠᠯ

ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ︽ ᠲᠠᠪᠤᠨ ᠶᠡᠭᠡ

ᠡᠭᠦᠷᠭᠡ ︾ ᠶᠢ ᠪᠡᠶᠡᠯᠡᠭᠦᠯᠬᠦ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ

ᠠᠩᠬᠠᠷᠤᠯ ᠢᠶᠠᠨ ᠲᠥᠪᠯᠡᠷᠡᠭᠦᠯᠵᠦ ᠂ ᠭᠠᠷᠳᠠᠬᠤ ᠴᠡᠭ ᠪᠠ ᠬᠦᠴᠦᠯᠡᠬᠦ ᠴᠡᠭ ᠢᠶᠠᠨ ᠣᠨᠣᠪᠴᠢᠲᠠᠢ ᠣᠯᠵᠤ ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ

ᠤᠬᠠᠭᠠᠨ ᠭᠠᠷᠭᠠᠵᠤ ᠂ ᠦᠨᠡᠨ ᠦᠭᠡ ᠬᠡᠯᠡᠵᠦ ᠂ ᠪᠣᠳᠠᠲᠠᠢ ᠠᠷᠭ᠎ᠠ ᠭᠠᠷᠭᠠᠵᠤ ᠂ ᠪᠣᠳᠠᠲᠠᠢ ᠦᠷ᠎ᠡ ᠪᠦᠲᠦᠮᠵᠢ ᠶᠢ ᠡᠷᠭᠢᠮᠯᠡᠭᠦ ᠬᠡᠷᠡᠭᠲᠡᠢ ᠃ ᠴᠠᠭᠠᠷᠠᠭᠰᠠᠨ ᠡᠷᠳᠡᠮ

ᠴᠢᠳᠠᠪᠤᠷᠢ ᠶᠢ ᠬᠦᠴᠦᠯᠡᠨ ᠪᠤᠯᠪᠠᠰᠤᠷᠠᠭᠤᠯᠵᠤ ᠂ ᠤᠨᠤᠯ ᠤᠨ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ ᠂ ᠬᠥᠭᠵᠢᠯᠲᠡ ᠶᠢᠨ ᠬᠦᠴᠢᠷ

ᠠᠰᠠᠭᠤᠳᠠᠯ ᠢ ᠰᠢᠢᠳᠪᠦᠷᠢᠯᠡᠬᠦ ᠰᠠᠶᠢᠨ ᠰᠡᠳᠬᠢᠴᠡ ᠂ ᠰᠠᠶᠢᠨ ᠠᠷᠭ᠎ᠠ ᠶᠢ ᠢᠯᠡᠭᠦᠬᠡᠨ ᠰᠤᠳᠤᠯᠤᠨ ᠳᠤᠷᠠᠳᠬᠤ ᠬᠡᠷᠡᠭᠲᠡᠢ ᠃ ᠨᠠᠮ ᠪᠣᠯᠣᠨ ᠤᠯᠤᠰ ᠤᠨ ᠠᠷᠠᠳ

ᠤᠯᠠᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠪᠣᠯᠵᠤ ᠂ ᠤᠯᠠᠨ ᠲᠦᠮᠡᠨ ᠤ ᠬᠦᠰᠡᠯ ᠡᠷᠡᠮᠡᠯᠵᠡᠯ ᠢ ᠴᠠᠭ ᠲᠤᠬᠠᠢ ᠳᠤᠨᠢ ᠲᠤᠰᠬᠠᠵᠤ ᠂ ᠠᠷᠠᠳ ᠲᠦᠮᠡᠨ ᠤ

ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ

ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠬᠤᠷᠠᠯᠳᠤᠭᠰᠠᠨ ᠠᠩᠬᠠᠳᠤᠭᠠᠷ ᠤᠳᠠᠭ᠎ᠠ ᠶᠢᠨ ᠪᠦᠭᠦ ᠤᠯᠤᠰ  ᠤᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠪᠣᠯᠣᠨ᠎ᠠ ᠂ ᠵᠥᠪᠯᠡᠭᠦ ᠵᠦᠢᠯ ᠤᠯᠠᠨ ᠂ ᠡᠭᠦᠷᠭᠡ ᠬᠦᠨᠳᠦ ᠂ ᠱᠠᠭᠠᠷᠳᠠᠯᠭ᠎ᠠ ᠥᠨᠳᠥᠷ ᠪᠠᠶᠢᠨ᠎ᠠ ᠃ ᠣᠯᠠᠨ ᠢᠶᠠᠷ ᠢᠶᠠᠨ ᠡᠨᠡ

ᠤᠳᠠᠭ᠎ᠠ ᠶᠢᠨ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ

ᠬᠤᠷᠠᠯ ᠳᠤ ᠣᠷᠣᠯᠴᠠᠵᠤ ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ ᠂ ᠶᠡᠭᠡ ᠬᠤᠷᠠᠯ ᠤᠨ ᠰᠠᠬᠢᠯᠭ᠎ᠠ ᠪᠠᠲᠤ

ᠲᠣᠭᠲᠠᠭᠠᠯ ᠢ ᠴᠢᠩᠭ᠎ᠠ ᠰᠠᠬᠢᠵᠤ ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ ᠢᠯᠡᠷᠡᠭᠦᠯᠵᠦ ᠂ 

ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠷᠠᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠵᠢᠯᠯᠠᠭ᠎ᠠ ᠳᠤ

ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ

ᠰᠤᠷᠤᠯᠭ᠎ᠠ ᠡᠭᠢᠯᠡᠭᠦ ᠶᠣᠰᠣᠯᠠᠯ ᠳᠡᠭᠡᠷ᠎ᠡ ᠳᠠᠶᠢᠴᠢᠯᠠᠯᠲᠠ ᠶᠢᠨ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠠᠷᠠᠳ  ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ  ᠶᠢᠨ ᠳᠡᠳ᠋ ᠡᠷᠭᠢᠯᠡᠭᠴᠢ ᠯᠢᠨ ᠱᠤᠤ ᠴᠦᠨ ᠰᠤᠷᠤᠯᠭ᠎ᠠ ᠡᠭᠢᠯᠡᠭᠦ ᠶᠣᠰᠣᠯᠠᠯ ᠢ ᠡᠷᠭᠢᠯᠡᠪᠡ ᠃ ᠥᠪᠡᠷᠲᠡᠭᠡᠨ ᠵᠠᠰᠠᠬᠤ

ᠣᠷᠣᠨ ᠤ ᠳᠡᠳ᠋ ᠲᠡᠷᠢᠭᠦᠯᠡᠭᠴᠢ ᠶᠠᠩ ᠶᠢᠨ ᠥᠪᠡᠷᠲᠡᠭᠡᠨ ᠵᠠᠰᠠᠬᠤ ᠣᠷᠣᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ

ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠵᠢᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠢ ᠮᠡᠳᠡᠭᠳᠡᠪᠡ ᠃

      ᠲᠥᠪᠯᠡᠷᠡᠭᠦᠯᠦᠨ ᠰᠤᠷᠤᠯᠴᠠᠬᠤ ᠬᠤᠭᠤᠴᠠᠭᠠᠨ ᠳᠤ ᠂ ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ  ᠤᠨ

ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ

ᠪᠠᠶᠢᠭᠤᠯᠤᠯ  ᠢ ᠰᠤᠷᠤᠯᠴᠠᠬᠤ ᠂ ᠲᠥᠯᠥᠭᠡᠯᠡᠭᠴᠢ ᠶᠢᠨ ᠬᠠᠤᠯᠢ  ᠶᠢ ᠰᠤᠷᠤᠯᠴᠠᠨ ᠲᠤᠭᠤᠰᠢᠯᠠᠭᠤᠯᠬᠤ ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠭᠦ ᠲᠤᠬᠠᠢ ᠸᠢᠳᠢᠤ᠋ ᠲᠤᠰᠬᠠᠢ ᠰᠡᠳᠦᠪᠲᠦ ᠮᠡᠳᠡᠭᠦᠯᠦᠯᠲᠡ ᠪᠣᠯᠣᠨ 2022 ᠣᠨ ᠵᠢᠴᠢ 5 ᠵᠢᠯ ᠤᠨ

ᠲᠤᠷᠰᠢᠬᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠠᠵᠢᠯ ᠤᠨ ᠪᠠᠶᠢᠳᠠᠯ ᠤᠨ ᠲᠤᠬᠠᠢ ᠵᠠᠷᠯᠠᠯ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠣᠨ ᠡᠳ᠋  ᠤᠨ ᠵᠠᠰᠠᠭ ᠤᠨ ᠶᠠᠮᠤᠨ ᠤ

ᠬᠠᠷᠢᠭᠤᠴᠠᠯᠭᠠᠲᠠᠨ ᠨᠥᠬᠦᠳ ᠤᠨ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ

ᠪᠠᠶᠢᠳᠠᠯ ᠵᠢᠴᠢ 2022 ᠣᠨ ᠤ ᠲᠥᠪ  ᠤᠨ ᠡᠳ᠋  ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠵᠠᠷᠯᠠᠯ ᠤᠨ ᠸᠢᠳᠢᠤ᠋ ᠮᠡᠳᠡᠭᠦᠯᠦᠯᠲᠡ ᠶᠢ

ᠲᠥᠪᠯᠡᠷᠡᠭᠦᠯᠦᠨ ᠦᠵᠡᠭᠰᠡᠨ ᠪᠥᠭᠡᠳ ᠲᠤᠬᠠᠢ  ᠶᠢᠨ ᠲᠠᠯᠠᠪᠠᠢ  ᠳᠤ ᠲᠤᠰᠬᠠᠢ ᠰᠡᠳᠦᠪᠲᠦ ᠲᠠᠶᠢᠯᠤᠮᠵᠢ ᠶᠢ ᠰᠣᠨᠣᠰᠴᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ