ᠮᠠᠨ ᠤ ᠣᠷᠣᠨ ᠤ ︽ᠬᠠᠭᠠᠰ ᠳᠤᠲᠠᠭᠤ ᠬᠠᠶᠠᠭᠳᠠᠭᠰᠠᠨ︾ ᠢᠨᠵᠧᠨᠧᠷᠢᠩ ᠢ ᠭᠦᠢᠯᠭᠡᠭᠡᠨ ᠲᠠᠢ ᠪᠣᠯᠭᠠᠭᠰᠠᠨ ᠨᠣᠷᠮ᠎ᠠ 41.1%᠎ ᠳᠤ ᠬᠦᠷᠴᠦ 2023 ᠣᠨ ᠤ ᠡᠴᠦᠰ ᠠᠴᠠ ᠡᠮᠦᠨ᠎ᠡ ᠪᠦᠬᠦᠨ ᠢ ᠭᠦᠢᠯᠭᠡᠭᠡᠨ ᠲᠠᠢ ᠪᠣᠯᠭᠠᠨ᠎ᠠ
ᠨᠡᠶᠢᠲᠡᠯᠡᠭᠰᠡᠨ ᠴᠠᠭ᠄
2023/3/30

      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ ᠂ ᠣᠲᠣ ᠪᠣᠯᠲᠠᠯ᠎ᠠ ᠂ ᠪᠥᠬᠦ ᠣᠷᠣᠨ ᠤ

︽ᠬᠠᠭᠠᠰ ᠳᠤᠲᠠᠭᠤ ᠬᠠᠶᠠᠭᠳᠠᠭᠰᠠᠨ ︾ ᠢᠨᠵᠧᠨᠧᠷᠢᠩ ᠤᠨ ᠡᠬᠡ ᠲᠠᠩᠰᠠ ᠳᠤ ᠣᠷᠣᠭᠤᠯᠤᠭᠰᠠᠨ ᠲᠥᠷᠥᠯ ᠵᠦᠢᠯ ᠠᠴᠠ ᠨᠢᠭᠡᠨᠲᠡ 159᠎ ᠶᠢ ᠭᠦᠢᠯᠭᠡᠭᠡᠨ ᠲᠠᠢ ᠪᠣᠯᠭᠠᠵᠤ᠂ ᠭᠦᠢᠯᠭᠡᠭᠡᠨ ᠲᠠᠢ ᠪᠣᠯᠭᠠᠭᠰᠠᠨ ᠨᠣᠷᠮ᠎ᠠ ᠨᠢ 41.1%᠎ ᠳᠤ ᠬᠥᠷᠪᠡ ᠃

      ᠮᠠᠨ ᠤ ᠣᠷᠣᠨ ᠤ ︽ᠬᠠᠭᠠᠰ ᠳᠤᠲᠠᠭᠤ ᠬᠠᠶᠠᠭᠳᠠᠭᠰᠠᠨ ︾ ᠢᠨᠵᠧᠨᠧᠷᠢᠩ ᠢ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠎ ᠨᠢ ᠭᠤᠣᠯᠳᠠᠭᠤ 2016 ᠣᠨ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ 5197 ᠲᠥᠷᠥᠯ ᠵᠦᠢᠯ ᠢ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠪᠣᠯᠣᠨ᠎ᠠ ᠃ ᠡᠭᠦᠨ ᠳᠤ ᠨᠢᠭᠡᠨᠲᠡ ᠠᠵᠢᠯ ᠢᠶᠠᠨ ᠳᠠᠭᠤᠰᠬᠠᠭᠰᠠᠨ ᠂ ᠪᠠᠶᠢᠭᠤᠯᠵᠤ ᠪᠠᠶᠢᠭ᠎ᠠ ᠂ ᠠᠵᠢᠯ ᠢᠶᠠᠨ ᠡᠬᠢᠯᠡᠭᠦᠯᠦᠭᠡᠳᠦᠢ ᠲᠥᠷᠥᠯ ᠵᠦᠢᠯ ᠠᠴᠠ ᠭᠠᠳᠠᠨ᠎ᠠ ᠂ ︽ᠬᠠᠭᠠᠰ ᠳᠤᠲᠠᠭᠤ ᠬᠠᠶᠠᠭᠳᠠᠭᠰᠠᠨ ︾ ᠢᠨᠵᠧᠨᠧᠷᠢᠩ ᠤᠨ ᠡᠬᠡ ᠲᠠᠩᠰᠠ ᠶᠢ ᠪᠣᠶ ᠪᠣᠯᠭᠠᠵᠤ ᠂ 387 ᠲᠥᠷᠥᠯ ᠵᠦᠢᠯ ᠢ ᠡᠬᠡ ᠳᠠᠩᠰᠠᠨ ᠳᠤ ᠣᠷᠣᠭᠤᠯᠵᠤ ᠂ ᠲᠥᠯᠥᠪᠯᠡᠭᠰᠡᠨ ᠢᠶᠠᠷ 2023 ᠣᠨ ᠤ ᠡᠴᠦᠰ ᠠᠴᠠ ᠡᠮᠦᠨ᠎ᠡ ᠪᠦᠬᠦᠨ ᠢ ᠭᠦᠢᠯᠭᠡᠭᠡᠨ ᠲᠠᠢ ᠪᠣᠯᠭᠠᠨ᠎ᠠ ᠃

      ︽ ᠬᠠᠭᠠᠰ ᠳᠤᠲᠠᠭᠤ ᠬᠠᠶᠠᠭᠳᠠᠭᠰᠠᠨ ︾ ᠢᠨᠵᠧᠨᠧᠷᠢᠩ ᠎ ᠢ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠳᠤ ᠪᠣᠳᠠᠲᠤ ᠦᠷ᠎ᠡ ᠪᠦᠲᠦᠮᠵᠢ ᠣᠯᠬᠤ ᠶᠢᠨ ᠲᠥᠯᠥᠭᠡ ᠂ ᠥᠪᠥᠷ ᠮᠣᠩᠭᠤᠯ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠦᠴᠦ  ᠨᠢᠭᠡᠳᠬᠡᠨ ᠪᠡᠷᠬᠡ ᠰᠡᠳᠤᠪ ᠢ ᠰᠢᠢᠳᠪᠦᠷᠢᠯᠡᠵᠦ ᠪᠠᠶᠢᠨ᠎ᠠ ᠃

      ᠲᠤᠰᠬᠠᠢ ᠠᠩᠭᠢ ᠪᠠᠶᠢᠭᠤᠯᠵᠤ ᠂ ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠪᠠ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢᠨ ᠠᠬᠢᠴᠠ ᠶᠢ ᠴᠠᠭ ᠲᠤᠬᠠᠢ ᠳᠤ ᠎ ᠨᠢ ᠲᠣᠬᠢᠷᠠᠭᠤᠯᠵᠤ ᠂ ᠪᠥᠬᠦ ᠵᠥᠪᠯᠡᠯ ᠤᠨ ᠬᠦᠴᠦᠨ ᠢ ᠳᠠᠶᠢᠴᠢᠯᠠᠨ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠳᠤ ᠣᠷᠣᠯᠴᠠᠭᠤᠯᠵᠤ ᠂ ᠠᠵᠢᠯᠲᠠᠨ ᠲᠠᠲᠠᠨ ᠰᠢᠯᠵᠢᠭᠦᠯᠵᠦ ᠲᠤᠰᠬᠠᠢ ᠠᠵᠢᠯ ᠤᠨ ᠳᠤᠭᠤᠶᠢᠯᠠᠩ ᠢ ᠪᠦᠷᠢᠯᠳᠦᠭᠦᠯᠪᠠ ᠃

      ᠰᠢᠢᠳᠪᠦᠷᠢᠯᠡᠪᠡᠰᠦ ᠵᠣᠬᠢᠰᠲᠠᠢ ᠶᠢ ᠨᠢ ᠪᠥᠬᠦᠨ ᠢ ᠰᠢᠢᠳᠪᠦᠷᠢᠯᠡᠵᠦ ᠂ ᠡᠬᠡ ᠲᠡᠩᠰᠠ ᠪᠠᠶᠢᠭᠤᠯᠵᠠᠢ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽︿ᠬᠠᠭᠠᠰ ᠳᠤᠲᠠᠭᠤ ᠬᠠᠶᠠᠭᠳᠠᠭᠰᠠᠨ ﹀ ᠢᠨᠵᠧᠨᠧᠷᠢᠩ ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠲᠠᠢ ᠰᠢᠢᠳᠪᠦᠷᠢᠯᠡᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ ᠮᠡᠳᠡᠭᠳᠡᠯ︾ ︽ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︿ᠬᠠᠭᠠᠰ ᠳᠤᠲᠠᠭᠤ ᠬᠠᠶᠠᠭᠳᠠᠭᠰᠠᠨ ﹀ ᠢᠨᠵᠧᠨᠧᠷᠢᠩ ᠢ ᠲᠥᠷᠥᠯ ᠬᠤᠪᠢᠶᠠᠨ ᠰᠢᠢᠳᠪᠦᠷᠢᠯᠡᠬᠦ ᠲᠤᠬᠠᠢ ᠵᠢᠯᠤᠭᠤᠳᠬᠤ ᠰᠠᠨᠠᠯ︾ ︽︿ ᠬᠠᠭᠠᠰ ᠳᠤᠲᠠᠭᠤ ᠬᠠᠶᠠᠭᠳᠠᠭᠰᠠᠨ ﹀ ᠢᠨᠵᠧᠨᠧᠷᠢᠩ ᠤᠨ ᠠᠵᠢᠯᠯᠠᠭᠠᠨ ᠤ ᠲᠥᠰᠥᠯ︾ ︽ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︿ᠬᠠᠭᠠᠰ ᠳᠤᠲᠠᠭᠤ ᠬᠠᠶᠠᠭᠳᠠᠭᠰᠠᠨ ﹀ ᠢᠨᠵᠧᠨᠧᠷᠢᠩ ᠢ ᠲᠤᠶᠢᠯᠪᠤᠷᠢᠲᠠᠢ ᠰᠢᠢᠳᠪᠦᠷᠢᠯᠡᠵᠦ ᠳ᠋ᠤᠭᠠᠷ ᠢ ᠬᠠᠰᠤᠬᠤ ᠠᠵᠢᠯ ᠢ ᠲᠦᠷᠭᠡᠳᠬᠡᠬᠦ ᠲᠤᠬᠠᠢ ᠮᠡᠳᠡᠭᠳᠡᠯ︾ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ ᠲᠤᠭᠤᠷᠪᠢᠭᠰᠠᠨ ᠪᠠ ᠳᠠᠷᠤᠮᠠᠯᠯᠠᠨ ᠲᠠᠷᠬᠠᠭᠠᠵᠦ᠂ ᠲᠤᠶᠢᠯᠪᠤᠷᠢᠲᠠᠢ ᠰᠢᠢᠳᠪᠦᠷᠢᠯᠡᠬᠦ ᠪᠠᠷᠢᠮᠵᠢᠶ᠎ᠠ ᠂ ᠰᠢᠢᠳᠪᠦᠷᠢᠯᠡᠬᠦ ᠱᠠᠭᠠᠷᠳᠠᠯᠭ᠎ᠠ ᠂ ᠳ᠋ᠤᠭᠠᠷ ᠢ ᠬᠠᠰᠤᠬᠤ ᠠᠵᠢᠯ ᠤᠨ ᠴᠤᠪᠤᠷᠠᠯ ᠵᠡᠷᠭᠡ ᠵᠦᠢᠯᠡᠰ ᠢ ᠲᠣᠳᠣᠷᠬᠠᠶᠢᠯᠠᠵᠤ ᠂ ᠡᠯ᠎ᠡ ᠭᠠᠵᠠᠷ ᠤᠨ ᠲᠦᠷᠭᠡᠨ ᠰᠢᠢᠳᠪᠦᠷᠢᠯᠡᠬᠦ ᠳᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ ᠃

      ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ ᠂ ︽ᠬᠠᠭᠠᠰ ᠳᠤᠲᠠᠭᠤ ᠬᠠᠶᠠᠭᠳᠠᠭᠰᠠᠨ ︾ ᠢᠨᠵᠧᠨᠧᠷᠢᠩ ᠢ ᠰᠢᠢᠳᠪᠦᠷᠢᠯᠡᠬᠦ ᠠᠵᠢᠯ ᠢ ᠪᠥᠬᠦ ᠲᠠᠯ᠎ᠠ ᠪᠠᠷ ᠠᠬᠢᠭᠤᠯᠵᠠᠢ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ︽ᠬᠠᠭᠠᠰ ᠳᠤᠲᠠᠭᠤ ᠬᠠᠶᠠᠭᠳᠠᠭᠰᠠᠨ ︾ ᠢᠨᠵᠧᠨᠧᠷᠢᠩ ᠤᠨ ᠠᠵᠢᠯᠯᠠᠭ᠎ᠠ ᠶᠢᠨ ᠲᠥᠰᠥᠯ︾᠎ ᠢ ᠳᠠᠷᠤᠮᠠᠯᠯᠠᠨ ᠲᠠᠷᠬᠠᠭᠠᠵᠤ ᠂ ᠳᠠᠷᠤᠭᠳᠠᠮᠠᠯ ᠪᠡᠯᠡ ᠮᠥᠩᠭᠦ ᠂ ᠲᠤᠶᠢᠯᠪᠤᠷᠢᠲᠠᠢ ᠰᠢᠢᠳᠪᠦᠷᠢᠯᠡᠵᠦ ᠪᠤᠴᠠᠭᠠᠨ ᠠᠪᠴᠢᠷᠠᠭᠰᠠᠨ ᠪᠡᠯᠡ ᠮᠥᠩᠭᠦ ᠂ ᠲᠤᠰᠬᠠᠢ ᠵᠦᠢᠯ ᠤᠨ ᠥᠷᠢ ᠥᠭᠴᠡᠭᠡ ᠂ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢ ᠢᠳᠡᠪᠬᠢᠲᠡᠢ ᠵᠣᠬᠢᠴᠠᠭᠤᠯᠵᠦ ᠪᠠᠶᠢᠭᠠᠳ ︽ᠬᠠᠭᠠᠰ ᠳᠤᠲᠠᠭᠤ ᠬᠠᠶᠠᠭᠳᠠᠭᠰᠠᠨ ︾ ᠢᠨᠵᠧᠨᠧᠷᠢᠩ ᠢ ᠭᠦᠢᠯᠭᠡᠭᠡᠨ ᠲᠠᠢ ᠪᠣᠯᠭᠠᠬᠤ ᠶᠢ ᠳᠡᠮᠵᠢᠪᠡ ᠃

      ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ  ᠶᠢ ᠪᠠᠶᠢᠭᠤᠯᠵᠤ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ 

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶᠠᠷᠤᠯᠲᠠ ᠶᠢᠨ ᠵᠢᠷᠤᠮ︾᠎ ᠢ ᠳᠠᠷᠤᠮᠠᠯᠯᠠᠨ ᠲᠠᠷᠬᠠᠭᠠᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠪᠠᠶᠢᠭᠤᠯᠵᠤ ᠂ ᠲᠥᠷᠥᠯ ᠵᠦᠢᠯ ᠳᠤ ᠨᠤᠲᠠᠯᠠᠯᠲᠠ ᠬᠢᠵᠦ ᠬᠢᠨᠠᠨ ᠵᠥᠪᠰᠢᠶᠡᠷᠡᠬᠦ ᠶᠢ ᠴᠢᠩᠭᠠᠷᠠᠭᠤᠯᠬᠤ ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠂ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠬᠤ ᠪᠠ ᠪᠡᠯᠡ ᠣᠷᠣᠭᠤᠯᠤᠯᠲᠠ ᠶᠢᠨ ᠲᠦᠭᠰᠢᠭᠦᠷᠢ ᠶᠢᠨ ᠰᠡᠷᠭᠡᠶᠢᠯᠡᠯᠲᠡ ᠶᠢ ᠪᠣᠳᠠᠲᠠᠢ ᠪᠠᠷ ᠠᠳᠬᠤᠵᠤ ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨ᠎ᠡ ᠭᠦᠢᠴᠡᠳ ᠰᠤᠳᠤᠯᠤᠨ ᠨᠤᠲᠠᠯᠠᠬᠤ ᠶᠢ ᠪᠠᠲᠤᠯᠠᠵᠤ ᠂ ︽ᠬᠠᠭᠠᠰ ᠳᠤᠲᠠᠭᠤ ᠬᠠᠶᠠᠭᠳᠠᠭᠰᠠᠨ ︾ ᠢᠨᠵᠧᠨᠧᠷᠢᠩ ᠰᠢᠨ᠎ᠡ ᠪᠠᠷ ᠪᠣᠶ ᠪᠣᠯᠬᠤ ᠎ ᠠᠴᠠ ᠵᠠᠶᠢᠯᠠᠰᠬᠢᠪᠠ᠃

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ