|
ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠥᠬᠦᠳᠡ ᠬᠤᠷᠠᠯ ᠬᠢᠵᠦ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠪᠡ ᠰᠦᠨ ᠱᠣᠸ ᠴᠧᠩ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠦ ᠸᠠᠩ ᠯᠢ ᠰᠢᠶᠠ ᠬᠤᠷᠠᠯ ᠳᠤ ᠣᠷᠣᠯᠴᠠᠵᠠᠢ |
|
|
ᠨᠡᠶᠢᠲᠡᠯᠡᠭᠰᠡᠨ ᠴᠠᠭ᠄
2023/3/6
|
|
3 ᠰᠠᠷ᠎ᠠ ᠶᠢᠨ 4 ᠤ ᠦᠳᠡ ᠶᠢᠨ ᠬᠤᠶᠢᠨ᠎ᠠ ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠥᠬᠦᠳᠡ ᠬᠤᠷᠠᠯ ᠬᠢᠪᠡ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠤᠷᠠᠯ ᠢ ᠡᠷᠬᠢᠯᠡᠵᠦ ᠂ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠳᠤ ᠣᠷᠣᠯᠴᠠᠵᠠᠢ ᠃
ᠬᠤᠷᠠᠯ ᠠᠴᠠ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠠᠴᠠ ᠬᠤᠷᠠᠯᠳᠤᠭᠤᠯᠤᠭᠰᠠᠨ ᠲᠥᠯᠥᠭᠡᠯᠡᠭᠴᠢᠳ ᠤᠨ ᠪᠦᠯᠬᠦᠮ ᠤᠨ ᠬᠤᠷᠠᠯᠳᠤᠭᠤᠯᠤᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠦ᠂ ᠪᠠᠰᠠ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠪᠡ ᠃

ᠰᠦᠨ ᠱᠤᠤ ᠴᠧᠩ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭᠠᠬᠢ ᠮᠠᠨ ᠤ ᠤᠯᠤᠰ ᠤᠨ ᠤᠯᠤᠰ ᠲᠦᠷᠦ ᠶᠢᠨ ᠠᠮᠢᠳᠤᠷᠠᠯ ᠳᠠᠬᠢ ᠪᠠᠰᠠ ᠨᠢᠭᠡᠨ ᠲᠣᠮᠣ ᠶᠠᠪᠤᠳᠠᠯ ᠮᠥᠨ᠃ ᠪᠢᠳᠡ ︽ ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠲᠦᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠲᠦᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠪᠠᠲᠤ ᠴᠢᠩᠭ᠎ᠠ ᠤᠯᠤᠰ ᠲᠦᠷᠦ ᠶᠢᠨ ᠡᠭᠦᠷᠭᠡᠯᠡᠯ ᠢᠶᠠᠷ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ ᠃ ᠰᠠᠨᠠᠯ ᠵᠥᠪᠯᠡᠯᠭᠡ ᠶᠢᠨ ᠮᠡᠳᠡᠭᠦᠯᠦᠯᠲᠡ ᠵᠡᠷᠭᠡ ᠶᠡᠭᠡ ᠬᠤᠷᠠᠯ ᠤᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠵᠥᠪᠯᠡᠵᠦ ᠂ ᠨᠠᠮ ᠪᠠ ᠤᠯᠤᠰ ᠤᠨ ᠭᠤᠣᠯ ᠠᠵᠢᠯ ᠲᠠᠢ ᠨᠢᠭᠲᠠ ᠤᠶᠠᠯᠳᠤᠭᠤᠯᠤᠨ ᠭᠦᠨᠵᠡᠭᠡᠢ ᠰᠤᠳᠤᠯᠤᠨ ᠰᠡᠳᠬᠢᠵᠦ ᠂ ᠢᠳᠡᠪᠬᠢᠲᠡᠢ ᠪᠠᠷ ᠦᠭᠡ ᠶᠠᠷᠢᠵᠤ ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠢᠯᠡᠭᠦᠬᠡᠨ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠪᠣᠳᠣᠯᠭ᠎ᠠ ᠳᠡᠪᠰᠢᠭᠦᠯᠵᠦ ᠂ ᠴᠢᠨᠠᠷ ᠰᠠᠶᠢᠲᠠᠢ ᠰᠠᠨᠠᠯ ᠵᠥᠪᠯᠡᠯᠭᠡ ᠪᠠ ᠰᠠᠨᠠᠭᠤᠯᠭ᠎ᠠ ᠶᠢ ᠴᠢᠷᠮᠠᠶᠢᠨ ᠳᠤᠷᠠᠳᠬᠤ ᠬᠡᠷᠡᠭᠲᠡᠢ ᠃ ᠶᠡᠭᠡ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠠ ᠲᠣᠭᠲᠠᠭᠠᠯ ᠢ ᠴᠢᠩᠭ᠎ᠠ ᠵᠢᠷᠤᠮᠯᠠᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠥᠯᠥᠭᠡᠯᠡᠭᠴᠢᠳ ᠤᠨ ᠪᠦᠯᠬᠦᠮ ᠤᠨ ᠠᠵᠢᠯ ᠢ ᠰᠠᠶᠢᠲᠤᠷ ᠬᠢᠵᠦ ᠂ ᠶᠡᠭᠡ ᠬᠤᠷᠠᠯ ᠤᠨ ᠤᠷᠤᠭᠰᠢᠲᠠᠢ ᠶᠠᠪᠤᠭᠳᠠᠬᠤ ᠂ ᠲᠡᠭᠦᠰ ᠠᠮᠵᠢᠯᠲᠠ ᠣᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠬᠡᠯᠡᠪᠡ ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|