3 ᠰᠠᠷ᠎ᠠ ᠶᠢᠨ 5 ᠤ ᠦᠳᠡ ᠶᠢᠨ ᠬᠤᠶᠢᠨ᠎ᠠ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ ᠃
ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠦᠭᠡ ᠬᠡᠯᠡᠵᠦ ᠂ ᠪᠦᠯᠭᠦᠮ ᠤᠨ ᠳᠡᠳ᠋ ᠳᠠᠷᠤᠭ᠎ᠠ
ᠸᠠᠩ ᠯᠢ ᠰᠢᠶᠠ ᠬᠢᠨᠠᠨ ᠵᠥᠪᠯᠡᠭᠦ ᠳᠤ ᠣᠷᠣᠯᠴᠠᠪᠠ ᠃ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ ᠰᠠᠨᠠᠯ ᠢ ᠰᠣᠨᠣᠰᠴᠠᠢ ᠃

ᠰᠦᠨ ᠱᠤᠤ ᠴᠧᠩ ᠲᠥᠯᠥᠭᠡᠯᠡᠭᠴᠢ ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠦᠭᠦ ᠠᠭᠤᠯᠭ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ ᠂ ᠨᠠᠮ ᠤᠨ ᠲᠥᠪ ᠬᠤᠷᠢᠶ᠎ᠠ ᠶᠢᠨ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠢᠴᠡᠳ ᠢᠯᠡᠷᠡᠭᠦᠯᠵᠦ ᠂ ᠠᠷᠠᠳ ᠤᠯᠠᠨ ᠤ ᠵᠠᠰᠠᠭ ᠤᠨ ᠣᠷᠳᠣᠨ ᠤ ᠠᠵᠢᠯ ᠤᠨ ᠲᠤᠬᠠᠢ ᠬᠦᠰᠡᠯ ᠡᠷᠡᠮᠡᠯᠵᠡᠯ ᠪᠣᠯᠣᠨ ᠠᠩᠬᠠᠷᠤᠯ ᠬᠠᠯᠠᠮᠵᠢᠯᠠᠯ ᠳᠤ ᠢᠳᠡᠪᠬᠢᠲᠡᠢ ᠬᠠᠷᠢᠭᠤᠯᠲᠠ ᠥᠭᠴᠦ ᠂ ᠲᠤᠬ ᠢ ᠥᠨᠳᠥᠷ ᠮᠠᠨᠳᠤᠭᠤᠯᠤᠭᠰᠠᠨ ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠂ ᠢᠲᠡᠭᠡᠯ ᠵᠣᠷᠢᠭ ᠢ ᠬᠥᠪᠴᠢᠯᠡᠵᠦ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠰᠠᠶᠢᠨ ᠢᠯᠡᠳᠬᠡᠯ ᠪᠣᠯᠵᠠᠢ ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠃ ᠢᠯᠡᠳᠬᠡᠯ ᠢ ᠰᠤᠷᠤᠯᠴᠠᠭᠠᠳ ᠭᠤᠷᠪᠠᠨ ᠲᠠᠯ᠎ᠠ ᠪᠠᠷ ᠨᠡᠯᠢᠶᠡᠳ ᠭᠦᠨ ᠲᠥᠷᠥᠭᠳᠡᠯ ᠲᠠᠢ ᠪᠣᠯᠵᠠᠢ ᠄ ᠨᠢᠭᠡ ᠳᠤ ᠮᠠᠨ ᠤ ᠤᠯᠤᠰ ᠤᠨ ᠬᠥᠭᠵᠢᠯᠲᠡ ᠪᠠᠷᠲᠠᠭ᠎ᠠ ᠲᠠᠪᠠᠨ ᠠᠶᠤᠯ ᠲᠦᠭᠰᠢᠭᠦᠷᠢ ᠶᠢ ᠲᠤᠭᠤᠯᠬᠤ ᠳᠤᠮᠳᠠ ᠨᠡᠩ ᠥᠨᠳᠥᠷ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠠᠢ ᠂ ᠬᠤᠶᠠᠷ ᠲᠤ ᠮᠠᠨ ᠤ ᠤᠯᠤᠰ ᠤᠨ ᠠᠵᠤ ᠠᠬᠤᠢ ᠪᠠᠶᠢᠷᠢᠰᠢᠯ ᠢ ᠲᠠᠭᠢᠨ ᠴᠣᠭᠴᠠᠯᠠᠬᠤ ᠳᠤᠮᠳᠠ ᠨᠡᠩ ᠶᠡᠭᠡ ᠰᠢᠨ᠎ᠡ ᠬᠥᠭᠵᠢᠯᠲᠡ ᠶᠢᠨ ᠳᠠᠪᠠᠭᠤᠯᠢᠭ ᠢ ᠪᠤᠢ ᠪᠣᠯᠭᠠᠵᠠᠢ ᠂ ᠭᠤᠷᠪᠠ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠯᠠᠯᠲᠠ ᠶᠢᠨ ᠠᠯᠬᠤᠭ᠎ᠠ ᠨᠡᠩ ᠢᠳᠡ ᠬᠦᠴᠦᠲᠡᠢ ᠪᠣᠯᠪᠠ ᠃ ᠥᠩᠭᠡᠷᠡᠭᠰᠡᠨ ᠢᠶᠠᠨ ᠡᠷᠭᠢᠴᠡᠭᠦᠯᠵᠦ ᠂ ᠢᠷᠡᠭᠡᠳᠦᠢ ᠪᠠᠨ ᠪᠠᠷᠠᠯᠠᠬᠤᠶ᠎ᠠ ᠂ ︽ ᠬᠤᠶᠠᠷ ᠢ ᠲᠣᠭᠲᠠᠭᠠᠭᠰᠠᠨ ︾ ᠪᠣᠯ ᠪᠢᠳᠡᠨ ᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠬᠠᠮᠤᠭ ᠤᠨ ᠬᠦᠴᠦᠷᠬᠡᠭ ᠶᠡᠭᠡ ᠲᠤᠯᠭᠠᠭᠤᠷᠢ ᠂ ᠬᠠᠮᠤᠭ ᠤᠨ ᠨᠠᠶᠢᠳᠠᠪᠤᠷᠢᠲᠠᠢ ᠲᠦᠰᠢᠭ ᠂ ᠬᠠᠮᠤᠭ ᠤᠨ ᠦᠨᠳᠦᠰᠦᠨ ᠨᠠᠶᠢᠳᠠᠪᠤᠷᠢ ᠪᠤᠯᠬᠤ ᠶᠢ ᠴᠢᠩ ᠰᠡᠳᠬᠢᠯ ᠠᠴᠠ ᠪᠠᠨ ᠮᠡᠳᠡᠷᠡᠵᠦ ᠪᠠᠶᠢᠨ᠎ᠠ ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ ᠂ ᠳᠣᠣᠷᠠᠬᠢ ᠬᠤᠶᠠᠷ ᠶᠠᠪᠤᠳᠠᠯ ᠢ ᠰᠠᠶᠢᠲᠤᠷ ᠬᠢᠬᠦ ᠨᠢ ᠥᠪᠥᠷ ᠮᠣᠩᠭᠤᠯ ᠳᠤ ᠠᠪᠴᠤ ᠬᠡᠯᠡᠪᠡᠯ ᠬᠠᠮᠤᠭ ᠤᠨ ᠴᠢᠬᠤᠯᠠ ᠪᠣᠯᠣᠨ᠎ᠠ ᠄ ᠨᠢᠭᠡ ᠨᠢ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠂ ᠡᠨᠧᠷᠭᠢ ᠶᠢᠨ ᠠᠮᠤᠷ ᠲᠦᠪᠰᠢᠨ ᠂ ᠠᠮᠤ ᠪᠤᠳᠠᠭᠠᠨ ᠤ ᠠᠮᠤᠷ ᠲᠦᠪᠰᠢᠨ ᠂ ᠠᠵᠤ ᠦᠢᠯᠡᠰ ᠤᠨ ᠠᠮᠤᠷ ᠲᠦᠪᠰᠢᠨ ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ︔ ᠨᠥᠭᠦᠭᠡ ᠨᠢ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠥᠵᠢᠭᠦᠯᠦᠨ ᠵᠢᠯᠤᠭᠤᠳᠴᠤ ᠦᠨᠡᠨ ᠰᠡᠳᠬᠢᠯ ᠠᠴᠠ ᠪᠠᠨ ᠨᠠᠮ ᠤᠨ ᠠᠴᠢ ᠡᠨᠡᠷᠢᠯ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠵᠤ ᠂ ᠵᠢᠱᠢᠶᠡᠴᠢ ᠶᠢ ᠡᠯ᠎ᠡ ᠬᠦᠷᠢᠶ᠎ᠡ ᠴᠠᠷᠠᠭ᠎ᠠ ᠡᠯ᠎ᠡ ᠲᠠᠯ᠎ᠠ ᠳᠤ ᠢᠯᠡᠷᠡᠭᠦᠯᠦᠨ᠎ᠡ ᠭᠡᠵᠦ ᠬᠡᠯᠡᠪᠡ ᠃
ᠲᠠᠩ ᠴᠤᠤ ᠂ ᠶᠠᠩ ᠶᠢᠨ ᠂ ᠸᠠᠩ ᠸᠠᠩ ᠱᠧᠩ ᠂ ᠱᠢ ᠢᠦᠢ ᠳ᠋ᠦᠩ ᠂ ᠾᠧ ᠬᠠᠢ ᠳ᠋ᠦᠩ ᠂ ᠸᠠᠩ ᡁᠢ ᠫᠢᠩ ᠂ ᠵᠢᠦᠢ ᠱᠣ᠋ ᠸᠧᠨ ᠂ ᠤᠣ ᠬᠤᠶ ᠷᠠᠨ ᠂ ᠭᠦᠸᠧ ᠢᠦᠢ ᠹᠧᠩ ᠂ ᠮᠧᠩ ᠹᠠᠨ ᠶᠢᠩ ᠂ ᠴᠧᠨ ᠠᠢ ᠰᠢᠤᠸᠠᠢ ᠵᠡᠷᠭᠡ ᠲᠥᠯᠥᠭᠡᠯᠡᠭᠴᠢ ᠬᠢᠨᠠᠨ ᠵᠥᠪᠯᠡᠭᠦ ᠦᠭᠡ ᠬᠡᠯᠡᠵᠦ ᠂ ᠣᠯᠠᠨ ᠢᠶᠠᠷ ᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠂ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠲᠠᠷᠢᠶᠠᠨ ᠭᠠᠵᠠᠷ ᠢ ᠬᠠᠮᠠᠭᠠᠯᠠᠬᠤ ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠂ ᠥᠪᠥᠷ ᠮᠣᠩᠭᠤᠯ ᠤᠨ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ ᠳᠡᠮᠵᠢᠭᠦ ᠡᠷᠴᠢᠮ ᠢᠶᠠᠨ ᠴᠢᠩᠭᠠᠷᠠᠭᠤᠯᠬᠤ ᠂ ᠦᠨᠳᠦᠰᠦᠲᠡᠨ ᠤ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ ᠃