ᠶᠡᠭᠡ ᠬᠤᠷᠠᠯ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ ᠂ 3 ᠰᠠᠷ᠎ᠠ ᠶᠢᠨ 3 ᠤ ᠡᠳᠦᠷ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠤᠯᠴᠠᠬᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠪᠡ ᠃

3 ᠰᠠᠷ᠎ᠠ ᠶᠢᠨ 3 ᠤ ᠡᠳᠦᠷ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠤᠯᠴᠠᠬᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠪᠡ ᠃
ᠬᠤᠷᠠᠯ ᠠᠴᠠ ᠰᠦᠨ ᠱᠣᠸ ᠴᠧᠩ ᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠪᠠᠷ ᠳᠡᠪᠰᠢᠭᠦᠯᠦᠨ ᠰᠣᠩᠭᠤᠵᠤ ᠂ ᠸᠠᠩ ᠯᠢ ᠰᠢᠶᠠ ᠂ ᠯᠢᠦ ᠱᠤᠸᠠᠩ ᠂ ᠵᠧᠩ ᠬᠤᠩ ᠹᠠᠨ ᠂ ᠢᠦᠢ ᠯᠢ ᠰᠢᠨ ᠂ ᠯᠢᠨ ᠱᠣᠸ ᠴᠦᠨ ᠂ ᠵᠠᠩ ᠱᠣᠸ ᠴᠦᠨ ᠂ ᠶᠠᠩ ᠶᠢᠨ ᠢ ᠳᠡᠳ᠋ ᠪᠦᠯᠭᠦᠮ ᠤᠨ ᠳᠠᠷᠤᠭ᠎ᠠ ᠪᠠᠷ ᠳᠡᠪᠰᠢᠭᠦᠯᠦᠨ ᠰᠣᠩᠭᠤᠵᠠᠢ᠃ ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠣᠯᠣᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠤᠨ ᠲᠥᠰᠥᠯ ᠂ ᠶᠡᠭᠡ ᠬᠤᠷᠠᠯ ᠤᠨ ᠵᠦᠪᠯᠡᠭᠦ ᠵᠦᠢᠯ ᠤᠨ ᠲᠥᠰᠥᠯ ᠢ ᠬᠢᠨᠠᠨ ᠵᠥᠪᠯᠡᠪᠡ ᠃
ᠬᠤᠷᠠᠯ ᠠᠴᠠ ᠥᠪᠥᠷ ᠮᠣᠩᠭᠤᠯ ᠤᠨ ᠪᠤᠭᠤᠲᠤ ᠳᠤ ︽ᠤᠯᠤᠰ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠭᠦ
ᠲᠥᠪ︾ ᠢ ᠪᠠᠶᠢᠭᠤᠯᠬᠤ ᠲᠤᠬᠠᠢ ᠰᠠᠨᠠᠭᠤᠯᠭ᠎ᠠ ᠶᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠪᠦᠭᠦ ᠪᠦᠯᠭᠦᠮ ᠤᠨ ᠰᠠᠨᠠᠭᠤᠯᠭ᠎ᠠ ᠪᠣᠯᠭᠠᠨ ᠳᠤᠷᠠᠳᠬᠤ ᠪᠠᠷ ᠲᠣᠭᠲᠠᠵᠠᠢ ᠃