ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ  ᠤ ᠪᠦᠭᠦ ᠤᠯᠤᠰ ᠤᠨ ᠡᠪᠦᠯ  ᠤᠨ ᠤᠯᠠᠷᠢᠯ  ᠤᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠬᠤᠷᠠᠯ  ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/7

      3 ᠰᠠᠷ᠎ᠠ ᠶᠢᠨ 2 ᠤᠨ ᠡᠳᠦᠷ ᠂ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠬᠤᠷᠠᠯ ᠢ ᠡᠷᠭᠢᠯᠡᠨ ᠬᠤᠷᠠᠯᠳᠤᠭᠤᠯᠵᠤ ᠂ ᠳᠠᠷᠠᠭᠠᠴᠢ ᠶᠢᠨ ᠱᠠᠲᠤᠨ  ᠤ ᠠᠵᠢᠯ ᠢ ᠰᠤᠳᠤᠯᠤᠨ ᠪᠠᠶᠢᠷᠢᠯᠠᠭᠤᠯᠪᠠ ᠃

      ᠸᠠᠩ ᠯᠢ ᠰᠢᠶᠠ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠠᠷᠠᠭᠠᠬᠢ ᠠᠩᠬ᠎ᠠ ᠤᠳᠠᠭ᠎ᠠ ᠡᠷᠭᠢᠯᠡᠭᠦ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯᠣᠨ᠎ᠠ ᠂ ᠥᠪᠥᠷ ᠮᠣᠩᠭᠤᠯ ᠤᠨ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠂ ᠴᠢᠬᠤᠯᠠ ᠶᠡᠭᠡ ᠡᠭᠦᠷᠭᠡ ᠪᠣᠯᠣᠨ᠎ᠠ ᠃ ᠳᠠᠭᠠᠭᠠᠴᠢᠯᠠᠨ ᠡᠷᠭᠢᠯᠡᠭᠴᠢ ᠶᠢᠨ ᠠᠵᠢᠯ ᠢ ᠰᠠᠶᠢᠲᠤᠷ ᠭᠦᠢᠴᠡᠳᠬᠡᠵᠦ ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ  ᠢᠶᠠᠷ ᠪᠠᠷᠢᠮᠵᠢᠶ᠎ᠠ ᠪᠤᠯᠭᠠᠵᠤ ᠂ ᠣᠷᠣᠨ ᠳᠠᠶᠠᠭᠠᠷ ᠤᠨ ᠬᠦᠴᠦᠨ ᠢ ᠳᠠᠶᠢᠴᠢᠯᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠲᠡᠷᠢᠭᠦᠨ ᠵᠡᠷᠭᠡ ᠶᠢᠨ ᠂ ᠥᠪᠡᠷᠮᠢᠴᠡ ᠣᠨᠴᠠᠯᠢᠭ ᠲᠠᠢ ᠂ ᠲᠡᠭᠦᠰ ᠠᠮᠵᠢᠯᠲᠠ ᠲᠠᠢ ᠡᠷᠭᠢᠯᠡᠭᠦ ᠬᠡᠷᠡᠭᠲᠡᠢ ᠃ ᠤᠳᠤ ᠰᠢᠪᠲᠤᠯᠤᠯᠲᠠ ᠶᠢᠨ ᠱᠠᠲᠤᠨ ᠳᠤ ᠣᠷᠣᠵᠤ ᠂ ᠠᠵᠢᠯ ᠢᠶᠠᠨ ᠬᠤᠨᠤᠭ ᠲᠣᠭᠠᠯᠠᠨ ᠴᠠᠭ ᠲᠣᠭᠲᠠᠭᠠᠵᠤ ᠥᠷᠨᠢᠭᠦᠯᠬᠦ ᠬᠡᠷᠡᠭᠲᠡᠢ ᠃ ᠠᠮᠤᠷ ᠲᠦᠪᠰᠢᠨ ᠢᠶᠠᠷ ᠤᠷᠤᠯᠳᠤᠭᠠᠨ ᠢ ᠡᠷᠭᠢᠯᠡᠵᠦ ᠂ ᠤᠷᠤᠯᠳᠤᠭᠠᠨ ᠤ ᠶᠠᠪᠤᠳᠠᠯ ᠤᠨ ᠠᠮᠤᠷ ᠲᠦᠪᠰᠢᠨ ᠂ ᠬᠥᠮᠥᠰ ᠤᠨ ᠠᠮᠤᠷ ᠲᠦᠪᠰᠢᠨ ᠂ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃ ᠤᠷᠤᠯᠳᠤᠭᠠᠨ ᠢ ᠭᠤᠶᠢᠳᠠ ᠰᠠᠶᠢᠬᠠᠨ ᠡᠷᠭᠢᠯᠡᠵᠦ ᠂ ᠡᠭᠢᠯᠡᠭᠦ ᠶᠣᠰᠣᠯᠠᠯ ᠲᠡᠭᠦᠰᠬᠦ ᠶᠣᠰᠣᠯᠠᠯ ᠂ ᠤᠷᠤᠯᠳᠤᠭᠠᠨ ᠤ ᠠᠵᠢᠯᠯᠠᠭ᠎ᠠ ᠵᠡᠷᠭᠡ ᠶᠢ ᠪᠠᠶᠠᠯᠢᠭ ᠠᠭᠤᠯᠭ᠎ᠠ ᠲᠠᠢ ᠶᠠᠪᠤᠭᠳᠠᠭᠤᠯᠵᠤ ᠂ ᠪᠦᠭᠦ ᠶᠠᠪᠤᠴᠠ ᠳᠤ ᠪᠦᠭᠦ ᠲᠠᠯ᠎ᠠ ᠪᠠᠷ ᠭᠤᠶᠢᠳᠠ ᠰᠠᠶᠢᠬᠠᠨ ᠢ ᠢᠯᠡᠷᠡᠭᠦᠯᠭᠦ ᠬᠡᠷᠡᠭᠲᠡᠢ ᠃ ᠤᠷᠤᠯᠳᠤᠭᠠᠨ ᠢ ᠳᠥᠭᠦᠮ ᠠᠪᠰᠠᠷᠬᠠᠨ ᠡᠷᠭᠢᠯᠡᠵᠦ ᠂ ᠨᠠᠷᠢᠨ ᠨᠢᠭᠲᠠ ᠤᠬᠠᠭᠠᠯᠠᠨ ᠲᠥᠯᠥᠪᠯᠡᠵᠦ ᠂ ᠨᠠᠷᠢᠯᠢᠭ ᠨᠠᠶᠢᠳᠠᠪᠤᠷᠢᠵᠢᠭᠤᠯᠵᠤ ᠂ ᠨᠢᠮᠪᠠᠢ ᠦᠢᠯᠡᠴᠢᠯᠡᠵᠦ ᠂ ᠪᠦᠷᠢᠯᠭᠡᠨ ᠰᠦᠢᠳᠬᠡᠵᠦ ᠪᠤᠯᠬᠤ ᠦᠭᠡᠢ ᠃ ᠠᠷᠢᠭᠤᠨ ᠴᠢᠬᠡᠴᠢ ᠪᠠᠷ ᠤᠷᠤᠯᠳᠤᠭᠠᠨ ᠢ ᠡᠷᠭᠢᠯᠡᠵᠦ ᠂ ᠳᠦᠷᠢᠮ ᠲᠣᠭᠲᠠᠭᠠᠯ ᠲᠣᠭᠲᠠᠭᠠᠵᠤ ᠂ ᠨᠢᠭᠡ ᠮᠥᠩᠭᠦ ᠵᠣᠭᠤᠰ ᠢ ᠭᠦᠷᠳᠡᠯ᠎ᠡ ᠴᠥᠮ ᠶᠣᠰᠣ ᠳᠦᠷᠢᠮ ᠲᠠᠢ ᠬᠡᠷᠡᠭᠯᠡᠵᠦ ᠂ ᠴᠡᠪᠡᠷ ᠴᠢᠬᠡᠴᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ ᠃

      ᠵᠧᠩ ᠬᠤᠩ ᠹᠠᠨ ᠂ ᠵᠧᠩ ᠭᠤᠸᠠᠩ ᠵᠤᠤ ᠂ ᠶᠣᠣ ᠶᠦᠩ ᠪᠦᠸᠧ ᠬᠤᠷᠠᠯ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ