ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ
ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ ᠤᠨ ᠠᠯᠪᠠᠨ ᠮᠡᠳᠡᠭᠡ
︵ 2024 ᠣᠨ ᠤ 12 ᠰᠠᠷ᠎ᠠ ᠶᠢᠨ 26 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ
ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ ᠠᠴᠠ ᠪᠠᠲᠤᠯᠠᠪᠠ ︶
ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ 2024 ᠣᠨ ᠤ 12 ᠰᠠᠷ᠎ᠠ ᠶᠢᠨ 25 ᠠᠴᠠ 26 ᠤ ᠡᠳᠦᠷ ᠪᠤᠯᠲᠠᠯ᠎ᠠ ᠭᠦᠭᠡᠬᠤᠲᠠ ᠳᠤ ᠬᠤᠷᠠᠯᠳᠤᠪᠠ ᠃

12 ᠰᠠᠷ᠎ᠠ ᠶᠢᠨ 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠠᠩᠬᠠᠳᠤᠭᠠᠷ ᠪᠦᠭᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠭᠦᠳᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ ᠃
ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ

12 ᠰᠠᠷ᠎ᠠ ᠶᠢᠨ 25 ᠠᠴᠠ 26 ᠤ ᠡᠳᠦᠷ ᠪᠤᠯᠲᠠᠯ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ ᠃
ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ
ᠡᠨᠡ ᠤᠳᠠᠭ᠎ᠠ ᠶᠢᠨ ᠪᠦᠭᠦᠳᠡ ᠬᠤᠷᠠᠯ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ 75 ᠬᠥᠮᠥᠨ ᠂ ᠣᠷᠣᠯᠠᠭᠴᠢ ᠭᠡᠰᠢᠭᠦᠨ 10 ᠬᠥᠮᠥᠨ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠬᠡᠰᠡᠭ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠢ ᠃
ᠪᠦᠭᠦᠳᠡ ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠤᠰ ᠲᠤᠰ ᠶᠠᠷᠢᠶ᠎ᠠ ᠲᠠᠯᠪᠢᠪᠠ ᠃
ᠪᠦᠭᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠤᠨ ᠲᠤᠬᠠᠢ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ ᠂ 2025 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ ᠃
ᠪᠦᠭᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠪᠠ ᠃ ᠡᠨᠡ ᠵᠢᠯ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠵᠤ ᠂ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠤᠨ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠦᠯᠡᠮᠵᠢ ᠦᠷ᠎ᠡ ᠪᠦᠲᠦᠮᠵᠢ ᠣᠯᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠷᠭᠡᠳᠬᠡᠨ ᠠᠬᠢᠭᠤᠯᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠪᠡ ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠢᠯᠡᠳᠲᠡ ᠠᠮᠵᠢᠯᠲᠠ ᠣᠯᠵᠤ ᠂ ︽ᠲᠠᠪᠤᠨ ᠶᠡᠭᠡ ᠡᠭᠦᠷᠭᠡ︾ ᠶᠢᠨ ᠣᠨ ᠤ ᠭᠤᠣᠯᠳᠠᠯᠭ᠎ᠠ ᠲᠠᠢ ᠠᠵᠢᠯ ᠢ ᠪᠦᠭᠦᠨ ᠢ ᠪᠡᠶᠡᠯᠡᠭᠦᠯᠵᠦ ᠂ ︽ ᠵᠢᠷᠭᠤᠭᠠᠨ ᠢᠨᠵᠧᠨᠧᠷᠢᠩ ︾ ᠨᠢ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠪᠠ ᠃ ᠪᠦᠭᠦ ᠣᠷᠣᠨ ᠤ ᠡᠯ᠎ᠡ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠂ ᠥᠪᠥᠷ ᠮᠣᠩᠭᠤᠯ ᠳᠤ ᠲᠦᠷᠭᠡᠨ ᠬᠥᠭᠵᠢᠬᠦ ᠬᠠᠨᠳᠤᠰᠢ ᠢᠯᠡᠷᠡᠵᠦ ᠂ ᠪᠣᠬᠢᠷᠳᠤᠯ ᠦᠭᠡᠢ ᠬᠥᠭᠵᠢᠭᠦᠯᠬᠦ ᠴᠢᠳᠠᠪᠤᠷᠢ ᠪᠠ ᠲᠡᠰ ᠳᠡᠭᠡᠭᠰᠢᠯᠡᠵᠦ ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠠᠭᠤᠷ ᠠᠮᠢᠰᠬᠤᠯ ᠥᠳᠬᠡᠷᠡᠵᠦ ᠂ ᠨᠡᠭᠡᠭᠡᠯᠲᠡ ᠬᠢᠵᠦ ᠬᠠᠮᠲᠤᠷᠠᠯᠴᠠᠬᠤ ᠠᠯᠬᠤᠭ᠎ᠠ ᠲᠦᠷᠭᠡᠳᠴᠦ ᠂ ᠰᠣᠶᠣᠯ ᠤᠨ ᠪᠠᠶᠢᠭᠤᠯᠤᠯᠲᠠ ᠶᠢᠨ ᠭᠠᠷᠳᠠᠴᠠ ᠪᠣᠳᠠᠲᠠᠢ ᠪᠣᠯᠵᠤ ᠂ ᠥᠭᠡᠳᠡᠯᠡᠨ ᠰᠠᠶᠢᠵᠢᠷᠠᠵᠤ ᠪᠠᠶᠢᠭ᠎ᠠ ᠪᠠᠶᠢᠳᠠᠯ ᠬᠥᠮᠥᠰ ᠢ ᠤᠷᠮᠠᠰᠢᠭᠤᠯᠤᠨ ᠵᠣᠷᠢᠭᠵᠢᠭᠤᠯᠵᠤ ᠪᠠᠶᠢᠨ᠎ᠠ ᠭᠡᠵᠦ ᠰᠠᠨᠠᠯ ᠨᠢᠭᠡᠲᠡᠢ ᠦᠵᠡᠵᠡᠭᠡᠪᠡ ᠃
ᠪᠦᠭᠦᠳᠡ ᠬᠤᠷᠠᠯ ᠠᠴᠠ ᠂ ᠪᠢᠳᠡ ᠭᠠᠭᠴᠠ ᠬᠦ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠶᠣᠰᠣᠭᠠᠷ ᠭᠤᠶᠢᠪᠢᠰᠢ ᠦᠭᠡᠢ ᠦᠨᠡᠨ ᠪᠣᠳᠠᠲᠠᠢ ᠠᠵᠢᠯᠯᠠᠳᠠᠭ ᠯᠠ ᠶᠤᠮ ᠪᠣᠯ ᠯᠠᠪᠲᠠᠢ ᠡᠯ᠎ᠡ ᠵᠦᠢᠯ ᠤᠨ ᠠᠵᠢᠯ ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠵᠤ ᠴᠢᠳᠠᠨ᠎ᠠ ︔ ᠪᠢᠳᠡ ᠭᠠᠭᠴᠠ ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ 2400 ᠲᠦᠮᠡᠨ ᠳᠤᠮᠳᠠᠳᠤ ᠶᠢᠨ ᠬᠥᠪᠡᠭᠦᠳ ᠥᠬᠢᠳ ᠢ ᠳᠠᠭᠠᠭᠤᠯᠤᠨ ᠬᠠᠮᠲᠤ ᠪᠠᠷ ᠪᠦᠯᠬᠦᠮᠳᠡᠨ ᠲᠡᠮᠡᠴᠡᠳᠡᠭ ᠯᠡ ᠶᠤᠮ ᠪᠣᠯ ᠯᠠᠪᠲᠠᠢ ᠡᠬᠡ ᠤᠯᠤᠰ ᠤᠨ ᠤᠮᠠᠷᠠᠲᠤ ᠬᠢᠯᠢ ᠶᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ ᠴᠢᠳᠠᠨ᠎ᠠ ︔ ᠪᠢᠳᠡ ᠭᠠᠭᠴᠠ ᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ ᠂ ᠡᠷᠡᠰ ᠰᠢᠭᠤᠷᠬᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠳᠡᠭ ᠯᠡ ᠶᠤᠮ ᠪᠣᠯ ᠯᠠᠪᠲᠠᠢ ᠰᠢᠨ᠎ᠡ ᠵᠠᠮ ᠢ ᠨᠡᠭᠡᠭᠡᠵᠦ ᠴᠢᠳᠠᠨ᠎ᠠ ︔ ᠪᠢᠳᠡ ᠭᠠᠭᠴᠠ ᠬᠦ ᠴᠤᠭ ᠵᠣᠯᠢ ᠪᠠᠳᠠᠷᠠᠩᠭᠤᠢ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠨᠢᠭᠡ ᠰᠡᠳᠬᠢᠯ ᠨᠢᠭᠡ ᠵᠣᠷᠢᠭ ᠢᠶᠠᠷ ᠠᠵᠢᠯ ᠬᠢᠳᠡᠭ ᠯᠡ ᠶᠤᠮ ᠪᠣᠯ ᠯᠠᠪᠲᠠᠢ ᠬᠥᠭᠵᠢᠯᠲᠡ ᠶᠢᠨ ᠰᠢᠨ᠎ᠡ ᠢᠷᠡᠭᠡᠳᠦᠢ ᠶᠢ ᠡᠭᠦᠳᠴᠦ ᠴᠢᠳᠠᠨ᠎ᠠ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠭᠰᠡᠨ ᠪᠠᠶᠢᠨ᠎ᠠ ᠭᠡᠵᠦ ᠵᠢᠭᠠᠵᠤ ᠭᠠᠷᠭᠠᠪᠠ ᠃
ᠪᠦᠭᠦᠳᠡ ᠬᠤᠷᠠᠯ ᠠᠴᠠ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ ᠂ ᠢᠷᠡᠬᠦ ᠵᠢᠯ ᠤᠨ ᠠᠵᠢᠯ ᠢ ᠰᠠᠶᠢᠲᠤᠷ ᠬᠢᠬᠦ ᠳᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠤᠯᠭᠠᠵᠤ ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠂ ᠰᠢᠷᠭᠠᠭᠤ ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠨ ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠨᠡᠩ ᠶᠡᠭᠡ ᠠᠬᠢᠴᠠ ᠲᠠᠢ ᠪᠤᠯᠬᠤ ᠪᠠᠷ ᠴᠢᠷᠮᠠᠶᠢᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠂ ᠤᠯᠤᠰ ᠲᠥᠷᠥ ᠶᠢᠨ ᠪᠠᠶᠢᠭᠤᠯᠤᠯᠲᠠ ᠂ ᠰᠣᠶᠣᠯ ᠤᠨ ᠪᠠᠶᠢᠭᠤᠯᠤᠯᠲᠠ ᠂ ᠨᠡᠶᠢᠭᠡᠮ ᠤᠨ ᠪᠠᠶᠢᠭᠤᠯᠤᠯᠲᠠ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠵᠡᠷᠭᠡ ᠪᠠᠷ ᠬᠦᠴᠦᠯᠡᠬᠦ ᠶᠢ ᠠᠬᠢᠭᠤᠯᠵᠤ ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠢ ᠥᠩᠭᠡᠷᠡᠭᠰᠡᠨ ᠲᠠᠢ ᠪᠠᠨ ᠠᠳᠠᠯᠢᠬᠠᠨ ᠲᠤᠭᠤᠰᠢᠯᠠᠭᠤᠯᠵᠤ ᠂ ᠨᠠᠮ ᠤᠨ ᠲᠥᠪ ᠬᠤᠷᠢᠶ᠎ᠠ ᠶᠢᠨ ᠰᠢᠨ᠎ᠡ ᠪᠠᠷ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠳᠠᠭᠠᠵᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠪᠦᠭᠦᠳᠡ ᠬᠤᠷᠠᠯ ᠠᠴᠠ ᠂ ︽ᠲᠠᠪᠤᠨ ᠶᠡᠭᠡ ᠡᠭᠦᠷᠭᠡ︾ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠥᠪᠥᠷ ᠮᠣᠩᠭᠤᠯ ᠤᠨ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠪᠣᠯᠬᠤᠷ ᠡᠷᠬᠡᠪᠰᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠬᠡᠷᠡᠭᠲᠡᠢ ᠃ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠪᠣᠯᠣᠨ ᠬᠥᠬᠡ ᠣᠭᠲᠠᠷᠭᠤᠢ ᠲᠤᠩᠭᠠᠯᠠᠭ ᠤᠰᠤ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠵᠦ ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠡᠷᠡᠰ ᠴᠡᠭᠴᠡᠯᠡᠨ ᠵᠠᠰᠠᠬᠤ ᠬᠡᠷᠡᠭᠲᠡᠢ ᠃ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠂ ᠡᠨᠧᠷᠭᠢ ᠨᠥᠭᠡᠴᠡᠯᠡᠬᠦ ᠂ ᠪᠣᠬᠢᠷᠳᠤᠯ ᠦᠭᠡᠢ ᠤᠰᠤᠲᠥ᠋ᠷᠥᠭᠴᠢ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ︽ ᠬᠤᠪᠣᠷ ᠰᠢᠷᠣᠢ ᠶᠢᠨ ᠬᠤᠶᠠᠷ ᠰᠠᠭᠤᠷᠢᠨ ︾ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ ᠂ ᠠᠭᠤᠷᠬᠠᠢ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ ᠂ ᠤᠯᠤᠰ ᠠᠴᠠ ᠪᠠᠭᠤᠯᠭᠠᠭᠰᠠᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠭᠦᠯᠬᠦ ᠬᠡᠷᠡᠭᠲᠡᠢ ᠃ ᠭᠠᠷᠤᠯᠲᠠ ᠶᠢᠨ ᠬᠡᠮᠵᠢᠶ᠎ᠡ ᠦᠢᠯᠡᠳᠪᠦᠷᠢᠯᠡᠯ ᠤᠨ ᠴᠢᠳᠠᠪᠤᠷᠢ ᠂ ᠦᠢᠯᠡᠳᠪᠦᠷᠢᠯᠡᠯ ᠠᠮᠢ ᠠᠬᠤᠢ ᠂ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠲᠥᠬᠦᠭᠡᠷᠦᠮᠵᠢᠲᠦ ᠲᠠᠷᠢᠶᠠᠯᠠᠩ ᠂ ᠬᠠᠰᠢᠶᠠᠯᠠᠨ ᠲᠡᠵᠢᠭᠡᠬᠦ ᠪᠠ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ ᠭᠠᠳᠠᠭᠰᠢ ᠨᠡᠭᠡᠭᠡᠯᠲᠡ ᠬᠢᠬᠦ ᠶᠢ ᠤᠯᠠᠮ ᠥᠷᠭᠡᠳᠬᠡᠵᠦ ᠂ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠡᠭᠡᠯᠵᠢ ᠶᠢᠨ ᠲᠤᠭ᠎ᠠ ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠪᠦᠭᠦᠳᠡ ᠬᠤᠷᠠᠯ ᠠᠴᠠ ᠂ ︽ᠵᠢᠷᠭᠤᠭᠠᠨ ᠢᠨᠵᠧᠨᠧᠷᠢᠩ︾ ᠨᠢ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠲᠤᠯᠭᠠᠭᠤᠷᠢᠯᠠᠬᠤ ᠴᠢᠨᠠᠷᠲᠠᠢ ᠂ ᠬᠥᠲᠥᠯᠥᠨ ᠳᠠᠶᠢᠴᠢᠯᠠᠬᠤ ᠴᠢᠨᠠᠷᠲᠠᠢ ᠂ ᠬᠥᠰᠢᠭᠦᠷᠭᠡ ᠶᠢᠨ ᠴᠢᠨᠠᠷᠲᠠᠢ ᠦᠢᠯᠡᠳᠦᠯ ᠲᠠᠢ ᠪᠣᠯᠬᠤᠷ ᠡᠷᠬᠡᠪᠰᠢ ᠦᠷᠭᠦᠯᠵᠢᠯᠡᠨ ᠬᠦᠴᠦᠯᠡᠨ ᠠᠳᠬᠤᠬᠤ ᠬᠡᠷᠡᠭᠲᠡᠢ ᠃ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠂ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ ᠃ ︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ︾ ᠢ ᠨᠠᠶᠢᠳᠠᠪᠤᠷᠢᠵᠢᠭᠤᠯᠵᠤ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠳᠣᠷᠬᠠᠢ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢᠨ ᠤᠳᠤᠷᠢᠳᠤᠮᠵᠢ ᠶᠢ ᠳᠣᠪᠤᠶᠢᠯᠭᠠᠵᠤ ᠂ ᠲᠥᠷᠥ ᠶᠢᠨ ᠪᠣᠳᠣᠯᠭ᠎ᠠ ᠶᠢᠨ ᠠᠰᠢᠭ ᠢ ᠠᠶᠢᠯ ᠡᠷᠦᠭᠡ ᠪᠦᠷᠢ ᠂ ᠠᠵᠤ ᠠᠬᠤᠶᠢᠯᠠᠯ ᠪᠦᠭᠦᠨ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠦᠨ ᠴᠢᠳᠠᠪᠤᠷᠢ ᠶᠢ ᠨᠡᠮᠡᠭᠳᠡᠭᠦᠯᠦᠨ ᠣᠯᠠᠨ ᠲᠠᠯ᠎ᠠ ᠪᠠᠷ ᠠᠰᠢᠭ ᠭᠦᠷᠳᠡᠭᠦ ᠶᠢ ᠪᠡᠶᠡᠯᠡᠭᠦᠯᠬᠦ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠪᠠᠶᠢᠷᠢ ᠴᠡᠭ ᠢ ᠣᠨᠢᠯᠠᠨ ᠦᠷᠭᠦᠯᠵᠢᠯᠡᠨ ᠪᠣᠭᠤᠮᠲᠠ ᠰᠢᠪᠲᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠤᠯᠠᠨ ᠲᠠᠯ᠎ᠠ ᠪᠠᠷ ᠦᠷ᠎ᠡ ᠪᠦᠲᠦᠮᠵᠢ ᠭᠠᠷᠭᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠳᠤᠯᠠᠭᠠᠯᠠᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠬᠤ ᠬᠡᠷᠡᠭᠲᠡᠢ ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠶᠢ ᠲᠥᠯᠥᠪᠯᠡᠭᠡ ᠶᠣᠰᠣᠭᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠪᠦᠭᠦᠳᠡ ᠬᠤᠷᠠᠯ ᠠᠴᠠ ᠂ ᠢᠷᠡᠬᠦ ᠵᠢᠯ ᠳᠤ ︽ ᠵᠢᠷᠭᠤᠭᠠᠨ ᠠᠵᠢᠯᠯᠠᠭ᠎ᠠ ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠃ ᠨᠢᠭᠡ ᠳᠤ ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠃ ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠣᠩᠬᠤᠪᠴᠢ ᠶᠢᠨ ᠬᠤᠭᠤᠴᠠᠭ᠎ᠠ ᠶᠢ ᠠᠳᠬᠤᠵᠤ ᠂ ᠪᠡᠯᠭᠡ ᠲᠡᠮᠳᠡᠭ ᠤᠨ ᠴᠢᠨᠠᠷᠲᠠᠢ ᠂ ᠬᠥᠲᠥᠯᠥᠨ ᠳᠠᠭᠠᠭᠤᠯᠬᠤ ᠴᠢᠨᠠᠷᠲᠠᠢ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠤᠬᠠᠭᠠᠯᠠᠨ ᠲᠥᠯᠥᠪᠯᠡᠵᠦ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠦᠷᠭᠦᠯᠵᠢᠯᠡᠨ ᠶᠡᠭᠡ ᠪᠠᠷ ᠠᠳᠬᠤᠵᠤ ᠂ ᠭᠠᠵᠠᠷ ᠰᠢᠷᠣᠢ ᠂ ᠪᠡᠯᠡ ᠮᠥᠩᠭᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ ᠂ ᠲᠦᠷᠦᠯ ᠵᠦᠢᠯ ᠢ ᠲᠦᠷᠭᠡᠨ ᠪᠦᠲᠦᠭᠡᠨ ᠪᠠᠶᠢᠭᠤᠯᠵᠤ ᠲᠦᠷᠭᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ ᠂ ᠨᠡᠮᠡᠭᠳᠡᠯ ᠢ ᠲᠣᠭᠲᠠᠪᠤᠷᠢᠵᠢᠭᠤᠯᠬᠤ ᠂ ᠨᠥᠭᠡᠴᠡ ᠬᠦᠴᠦᠨ ᠢ ᠨᠡᠮᠡᠭᠳᠡᠭᠦᠯᠬᠦ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ ᠃ ᠬᠤᠶᠠᠷ ᠲᠤ ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠃ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠠᠰᠠᠭᠤᠳᠠᠯ ᠢ ᠨᠢ ᠰᠢᠢᠳᠪᠦᠷᠢᠯᠡᠵᠦ ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠵᠦ ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠢ ᠲᠦᠷᠭᠡᠨ ᠲᠥᠯᠥᠵᠦ ᠂ ᠪᠠᠩᠬᠢ ᠶᠢᠨ ᠵᠢᠭᠡᠯᠡᠯᠭᠡ ᠲᠠᠯᠪᠢᠬᠤ ᠂ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠤᠮᠳᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠠᠳᠠᠯᠢᠬᠠᠨ ᠬᠠᠨᠳᠤᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠵᠢᠷᠤᠮᠵᠢᠩᠭᠤᠢ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠵᠦ ᠂ ᠵᠠᠬ᠎ᠠ ᠳᠡᠯᠭᠡᠭᠦᠷ ᠢ ᠥᠷᠭᠡᠳᠬᠡᠬᠦ ᠬᠡᠷᠡᠭᠲᠡᠢ ᠃ ᠭᠤᠷᠪᠠ ᠳᠤ ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠃ ᠡᠯ᠎ᠡ ᠭᠠᠵᠠᠷ ᠤᠨ ᠬᠢᠨ ᠠᠷᠭ᠎ᠠ ᠰᠦᠪᠡᠭᠴᠢᠯᠡᠨ ᠠᠵᠤ ᠠᠬᠤᠶᠢᠯᠠᠯ ᠢ ᠢᠯᠡᠭᠦᠬᠡᠨ ᠡᠷᠭᠢᠯᠡᠵᠤ ᠂ ᠠᠵᠤ ᠠᠬᠤᠶᠢᠯᠠᠯ ᠤᠨ ᠣᠶᠢᠷ᠎ᠠ ᠬᠠᠪᠢ ᠠᠴᠠ ᠪᠠᠨ ᠲᠤᠰ ᠭᠠᠵᠠᠷ ᠠᠴᠠ ᠪᠠᠨ ᠠᠵᠢᠯᠴᠢᠨ ᠬᠡᠷᠡᠭᠯᠡᠬᠦ ᠶᠢ ᠬᠥᠲᠥᠯᠥᠨ ᠵᠢᠯᠤᠭᠤᠳᠬᠤ ᠬᠡᠷᠡᠭᠲᠡᠢ ᠃ ᠡᠩ ᠤᠨ ᠶᠡᠭᠡ ᠳᠡᠭᠡᠳᠦ ᠰᠤᠷᠭᠠᠭᠤᠯᠢ ᠪᠣᠯᠣᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠠᠵᠢᠯ ᠣᠯᠭᠤᠬᠤ ᠪᠠᠷ ᠤᠳᠤᠷᠢᠳᠤᠮᠵᠢ ᠪᠣᠯᠭᠠᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠪᠠᠨ ᠲᠣᠬᠢᠷᠠᠭᠤᠯᠤᠨ ᠰᠢᠯᠢᠳᠡᠭᠵᠢᠭᠦᠯᠵᠦ ᠂ ᠠᠵᠤ ᠠᠬᠤᠶᠢᠯᠠᠯ ᠯᠤᠭ᠎ᠠ ᠬᠥᠮᠥᠨ ᠬᠡᠷᠡᠭᠯᠡᠬᠦ ᠬᠡᠷᠡᠭᠴᠡᠭᠡ ᠪᠠᠨ ᠤᠷᠢᠳᠴᠢᠯᠠᠨ ᠵᠣᠯᠭᠠᠭᠤᠯᠵᠤ ᠂ ᠵᠠᠬᠢᠶᠠᠯᠠᠭ᠎ᠠ ᠶᠢᠨ ᠮᠠᠶ᠋ᠢᠭ ᠢᠶᠠᠷ ᠬᠥᠮᠥᠨ ᠬᠥᠮᠥᠵᠢᠭᠦᠯᠬᠦ ᠶᠢ ᠥᠷᠨᠢᠭᠦᠯᠬᠦ ᠬᠡᠷᠡᠭᠲᠡᠢ ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠡᠷᠡᠭᠴᠡᠭᠡ ᠶᠢ ᠣᠨᠢᠯᠠᠨ ᠦᠨᠡᠨ ᠪᠣᠳᠠᠲᠤ ᠬᠡᠷᠡᠭᠴᠡᠭᠡ ᠲᠠᠢ ᠪᠣᠯᠪᠠᠰᠤᠷᠠᠯ ᠥᠷᠨᠢᠭᠦᠯᠬᠦ ᠬᠡᠷᠡᠭᠲᠡᠢ ᠃ ᠡᠯ᠎ᠡ ᠱᠠᠲᠤᠨ ᠤ ᠵᠠᠰᠠᠭ ᠤᠨ ᠣᠷᠳᠣᠨ ᠪᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢ ᠤᠯᠠᠨ ᠲᠦᠮᠡᠨ ᠢ ᠬᠠᠪᠰᠤᠷᠴᠤ ᠠᠵᠢᠯ ᠣᠯᠭᠤᠬᠤ ᠶᠢ ᠴᠢᠬᠤᠯᠠ ᠠᠵᠢᠯ ᠪᠤᠯᠭᠠᠵᠤ ᠂ ᠠᠵᠢᠯ ᠣᠯᠭᠤᠬᠤ ᠶᠢ ᠵᠣᠬᠢᠶᠠᠨ ᠪᠠᠶᠢᠭᠤᠯᠬᠤ ᠪᠠ ᠠᠵᠢᠯ ᠣᠯᠬᠤ ᠳᠤ ᠦᠢᠯᠡᠴᠢᠯᠡᠬᠦ ᠶᠢ ᠰᠠᠶᠢᠲᠤᠷ ᠬᠢᠬᠦ ᠬᠡᠷᠡᠭᠲᠡᠢ ᠃ ᠳᠥᠷᠪᠡ ᠳᠤ ᠂ ᠤᠰᠤ ᠠᠷᠪᠢᠯᠠᠬᠤ ᠠᠵᠢᠯᠯᠠᠭ᠎ᠠ ᠃ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠨ ᠬᠡᠷᠡᠭᠯᠡᠬᠦ ᠶᠢ ᠶᠡᠭᠡ ᠪᠠᠷ ᠠᠬᠢᠭᠤᠯᠵᠤ ᠂ ᠬᠡᠪ ᠤᠨ ᠪᠤᠰᠤ ᠤᠰᠤ ᠶᠢ ᠠᠰᠢᠭᠯᠠᠬᠤ ᠶᠢ ᠴᠢᠩᠭᠠᠳᠬᠠᠨ ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢ ᠬᠡᠷᠡᠭᠯᠡᠨ ᠤᠰᠤ ᠠᠷᠪᠢᠯᠠᠬᠤ ᠦᠷ᠎ᠡ ᠪᠦᠳᠦᠮᠵᠢ ᠶᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠬᠡᠷᠡᠭᠲᠡᠢ ᠃ ᠲᠠᠪᠤ ᠳᠤ ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠃ ᠣᠷᠣᠰ ᠮᠣᠩᠭᠤᠯ ᠯᠤᠭ᠎ᠠ ᠶᠢᠨ ᠨᠡᠭᠡᠭᠡᠯᠲᠡ ᠶᠢ ᠤᠯᠠᠮ ᠥᠷᠭᠡᠳᠬᠡᠵᠦ ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠣᠯᠣᠨ ᠵᠡᠭᠦᠨ ᠬᠤᠶᠢᠲᠤ ᠣᠷᠣᠨ ᠤ ᠭᠤᠷᠪᠠᠨ ᠮᠤᠵᠢ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠂ ᠥᠪᠡᠷᠲᠡᠭᠡᠨ ᠵᠠᠰᠠᠬᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠵᠢᠷᠭᠤᠭ᠎ᠠ ᠳᠤ ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠭᠰᠢᠯᠡᠭᠦᠯᠭᠦ ᠠᠵᠢᠯᠯᠠᠭ᠎ᠠ ᠃ ᠰᠤᠳᠤᠯᠤᠨ ᠲᠠᠶᠢᠯᠪᠤᠷᠢᠯᠠᠬᠤ ᠪᠠ ᠤᠬᠠᠭᠤᠯᠤᠨ ᠳᠡᠯᠭᠡᠨ ᠦᠵᠡᠭᠦᠯᠭᠦ ᠶᠢ ᠴᠢᠩᠭᠠᠳᠬᠠᠵᠤ ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠳᠡᠮᠵᠢᠵᠦ ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠤᠮᠠᠷᠠᠲᠤ ᠬᠢᠯᠢ ᠶᠢᠨ ᠰᠣᠶᠣᠯ ᠢ ᠨᠠᠩ ᠨᠡᠷ᠎ᠡ ᠠᠯᠳᠠᠷᠰᠢᠭᠤᠯᠬᠤ ᠪᠠ ᠲᠠᠲᠠᠬᠤ ᠬᠦᠴᠦᠨ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠪᠦᠭᠦᠳᠡ ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠂ ᠡᠯ᠎ᠡ ᠱᠠᠲᠤᠨ ᠤ ᠤᠳᠤᠷᠢᠳᠬᠤ ᠺᠠᠳ᠋ᠷ ᠡᠷᠬᠡᠪᠰᠢ ᠢᠲᠡᠭᠡᠯ ᠢᠶᠠᠨ ᠪᠠᠲᠤᠳᠬᠠᠵᠤ ᠂ ᠰᠡᠳᠬᠢᠯ ᠲᠥᠪᠯᠡᠷᠡᠭᠦᠯᠦᠨ ᠯᠠᠪᠳᠠᠭᠤᠨ ᠪᠠᠲᠤᠲᠠᠢ ᠠᠵᠢᠯᠯᠠᠵᠤ ᠂ ᠪᠠᠷᠢᠯᠭ᠎ᠠ ᠶᠢᠨ ᠠᠩᠭᠢ ᠶᠢᠨ ᠳᠠᠷᠤᠭ᠎ᠠ ᠶᠢᠨ ᠬᠤᠪᠢ ᠪᠠᠷ ᠤᠯᠠᠨ ᠢ ᠳᠠᠭᠠᠭᠤᠯᠤᠨ ᠦᠨᠡᠨ ᠪᠣᠳᠠᠲᠠᠢ ᠠᠵᠢᠯᠯᠠᠬᠤ ᠬᠡᠷᠡᠭᠲᠡᠢ ᠃ ᠳᠣᠲᠣᠭᠠᠳᠤ ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠵᠦ ᠂ ᠪᠡᠯᠡ ᠣᠷᠣᠭᠤᠯᠤᠯᠲᠠ ᠶᠢ ᠭᠤᠶᠢᠪᠢᠰᠢ ᠦᠭᠡᠢ ᠪᠠᠷ ᠠᠳᠬᠤᠵᠤ ᠠᠷᠠᠯᠵᠢᠶᠠᠴᠢᠨ ᠤᠷᠢᠬᠤ ᠶᠢ ᠠᠳᠬᠤᠵᠤ ᠂ ᠲᠦᠷᠦᠯ ᠵᠦᠢᠯ ᠣᠯᠵᠤ ᠂ ᠠᠷᠭ᠎ᠠ ᠪᠦᠭᠦᠨ ᠢ ᠰᠦᠪᠡᠭᠴᠢᠯᠡᠵᠦ ᠪᠥᠭᠡᠮ ᠲᠠᠸᠠᠷ ᠤᠨ ᠬᠡᠷᠡᠭᠯᠡᠭᠡ ᠂ ᠰᠣᠶᠣᠯ ᠵᠢᠭᠤᠯᠴᠢᠯᠠᠯ ᠤᠨ ᠬᠡᠷᠡᠭᠯᠡᠭᠡ ᠂ ᠦᠢᠯᠡᠴᠢᠯᠡᠭᠡᠨ ᠤ ᠬᠡᠷᠡᠭᠯᠡᠭᠡ ᠶᠢ ᠬᠥᠭᠵᠢᠭᠡᠬᠦ ᠬᠡᠷᠡᠭᠲᠡᠢ ᠃ ᠰᠢᠨ᠎ᠡ ᠡᠨᠧᠷᠭᠢ ᠶᠢ ᠶᠡᠭᠡ ᠪᠠᠷ ᠬᠥᠭᠵᠢᠭᠦᠯᠵᠦ ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠂ ᠡᠨᠧᠷᠭᠢ ᠨᠥᠭᠡᠴᠡᠯᠡᠬᠦ ᠬᠡᠮᠵᠢᠶ᠎ᠡ ᠶᠢ ᠥᠷᠭᠡᠳᠬᠡᠬᠦ ᠂ ᠲᠤᠬᠠᠢ ᠶᠢᠨ ᠭᠠᠵᠠᠷ ᠲᠠᠭᠠᠨ ᠰᠢᠩᠭᠡᠭᠡᠬᠦ ᠂ ᠲᠣᠨᠣᠭᠯᠠᠯ ᠦᠢᠯᠡᠳᠬᠦ ᠶᠢ ᠴᠢᠩᠭ᠎ᠠ ᠠᠳᠬᠤᠵᠤ ᠂ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ ᠴᠣᠭᠴᠠᠯᠠᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠠᠩ ᠴᠢᠬᠤᠯᠠᠴᠢᠯᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠠᠬᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠬᠦ ᠬᠡᠷᠡᠭᠲᠡᠢ ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠦᠷᠢᠯᠡᠬᠦ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ ᠃ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠵᠦ ᠂ ᠠᠵᠤ ᠠᠬᠤᠶᠢᠯᠠᠯ ᠤᠨ ᠶᠠᠪᠤᠳᠠᠯ ᠢ ᠥᠪᠡᠷ ᠤᠨ ᠶᠠᠪᠤᠳᠠᠯ ᠢᠶᠠᠨ ᠪᠤᠯᠭᠠᠵᠤ ᠂ ᠪᠦᠭᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ ᠂ ᠪᠡᠷᠬᠡ ᠶᠢ ᠳᠤᠭᠤᠯᠬᠤ ᠬᠡᠷᠡᠭᠲᠡᠢ ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠂ ᠵᠠᠰᠠᠭ ᠤᠨ ᠣᠷᠳᠣᠨ ᠤ ᠥᠷᠢ ᠥᠭᠴᠡᠭᠡ ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠂ ᠠᠶᠤᠯᠭᠦᠢ ᠦᠢᠯᠡᠳᠪᠦᠷᠢᠯᠡᠯ ᠂ ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠵᠢᠯ ᠤᠨ ᠡᠴᠦᠰ ᠣᠨ ᠤ ᠡᠬᠢᠨ ᠤ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ ᠂ ᠠᠷᠠᠳ ᠣᠯᠠᠨ ᠤ ᠪᠠᠶᠠᠷ ᠭᠦᠷ ᠲᠠᠢ ᠪᠠᠷ ᠰᠢᠨ᠎ᠡ ᠣᠨ ᠢᠶᠠᠨ ᠤᠭᠲᠤᠵᠤ ᠭᠦᠷ ᠨᠠᠷᠭᠢᠶᠠᠨ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠪᠦᠭᠦᠳᠡ ᠬᠤᠷᠠᠯ ᠠᠴᠠ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ︾ ᠪᠣᠯᠣᠨ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶ᠎ᠠ ᠶᠢᠨ ᠠᠵᠢᠯ ᠤᠨ ᠳᠦᠷᠢᠮ ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠸᠠᠩ ᡁᠢ ᠫᠢᠩ ᠨᠥᠬᠦᠷ ᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠭᠡᠰᠢᠭᠦᠨ ᠤ ᠲᠤᠰᠢᠶᠠᠯ ᠠᠴᠠ ᠨᠢ ᠪᠠᠭᠤᠯᠭᠠᠵᠤ ᠂ ᠮᠠ ᠴᠢᠶᠠᠩ ᠂ ᠯᠢᠦ ᡁᠢ ᠫᠢᠩ ᠂ ᠱᠧᠨ ᠭᠦᠸᠧ ᠫᠢᠩ ᠂ ᠴᠧᠨ ᠰᠠᠷᠠᠨ᠎ᠠ ᠂ ᠵᠧᠩ ᠭᠦᠢ ᠶᠢᠦ ᠵᠡᠷᠭᠡ 5 ᠨᠥᠬᠦᠷ ᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠭᠡᠰᠢᠭᠦᠨ ᠢᠶᠠᠷ ᠳᠠᠷᠠᠭᠠᠯᠠᠨ ᠨᠥᠬᠦᠬᠦ ᠪᠠᠷ ᠲᠣᠭᠲᠠᠪᠠ ᠃
ᠪᠦᠭᠦᠳᠡ ᠬᠤᠷᠠᠯ ᠠᠴᠠ᠂ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠢᠲᠡᠭᠡᠯ ᠵᠣᠷᠢᠭ ᠢᠶᠠᠨ ᠬᠥᠪᠴᠢᠯᠡᠨ ᠂ ᠡᠷᠴᠢ ᠬᠦᠴᠦᠨ ᠢᠶᠠᠨ ᠪᠠᠳᠠᠷᠠᠭᠤᠯᠵᠤ ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠰᠢᠷᠭᠠᠭᠤ ᠬᠠᠲᠠᠭᠤᠵᠢᠯᠲᠠᠢ ᠠᠵᠢᠯᠯᠠᠨ ᠰᠢᠨ᠎ᠡ ᠵᠠᠮ ᠨᠡᠭᠡᠭᠡᠵᠦ ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠵᠤ ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ ᠃