12 ᠰᠠᠷ᠎ᠠ ᠶᠢᠨ 31 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠳᠤ ᠬᠦᠷᠴᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠂ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ ᠃

12 ᠰᠠᠷ᠎ᠠ ᠶᠢᠨ 31 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠢ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠡᠯᠡᠰᠦᠷᠬᠡᠭ ᠭᠠᠵᠠᠷ ᠤᠨ ᠠᠮᠢᠳᠤ ᠪᠣᠳᠠᠰ ᠤᠨ ᠡᠬᠢ ᠪᠠᠶᠠᠯᠢᠭ ᠢ ᠬᠠᠮᠠᠭᠠᠯᠠᠬᠤ ᠪᠠ ᠪᠣᠶᠢᠵᠢᠭᠤᠯᠬᠤ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠬᠦᠷᠴᠦ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠮᠡᠷᠭᠡᠵᠢᠯ ᠤᠨ ᠰᠤᠳᠤᠯᠭᠠᠨ ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠂ ᠤᠢ ᠰᠢᠭᠤᠢ ᠨᠤᠲᠤᠭ ᠪᠡᠯᠴᠢᠭᠡᠷ ᠤᠨ ᠪᠦᠲᠦᠭᠡᠭᠳᠡᠬᠦᠨ ᠤ ᠰᠤᠳᠤᠯᠭᠠᠨ ᠵᠢᠴᠢ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ ᠂ ᠵᠠᠷᠢᠮ ᠬᠠᠯᠠᠮᠵᠢᠯᠠᠨ ᠠᠩᠬᠠᠷᠴᠤ ᠪᠠᠶᠢᠭ᠎ᠠ ᠶᠠᠪᠤᠳᠠᠯ ᠤᠨ ᠲᠤᠬᠠᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠭᠦᠨᠵᠡᠭᠡᠢ ᠰᠣᠯᠢᠯᠴᠠᠪᠠ ᠃
ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ

ᠰᠦᠨ ᠱᠤᠤ ᠴᠧᠩ ᠤᠢ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠡᠯᠡᠰᠦᠷᠬᠡᠭ ᠭᠠᠵᠠᠷ ᠤᠨ ᠠᠮᠢᠳᠤ ᠪᠣᠳᠠᠰ ᠤᠨ ᠡᠬᠢ ᠪᠠᠶᠠᠯᠢᠭ ᠢ ᠬᠠᠮᠠᠭᠠᠯᠠᠬᠤ ᠪᠠ ᠪᠣᠶᠢᠵᠢᠭᠤᠯᠬᠤ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠬᠦᠷᠴᠦ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠮᠡᠷᠭᠡᠵᠢᠯ ᠤᠨ ᠰᠤᠳᠤᠯᠭᠠᠨ ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠂ ᠤᠢ ᠰᠢᠭᠤᠢ ᠨᠤᠲᠤᠭ ᠪᠡᠯᠴᠢᠭᠡᠷ ᠤᠨ ᠪᠦᠲᠦᠭᠡᠭᠳᠡᠬᠦᠨ ᠤ ᠰᠤᠳᠤᠯᠭᠠᠨ ᠵᠢᠴᠢ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ ᠂ ᠵᠠᠷᠢᠮ ᠬᠠᠯᠠᠮᠵᠢᠯᠠᠨ ᠠᠩᠬᠠᠷᠴᠤ ᠪᠠᠶᠢᠭ᠎ᠠ ᠶᠠᠪᠤᠳᠠᠯ ᠤᠨ ᠲᠤᠬᠠᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠭᠦᠨᠵᠡᠭᠡᠢ ᠰᠣᠯᠢᠯᠴᠠᠪᠠ ᠃
12 ᠰᠠᠷ᠎ᠠ ᠶᠢᠨ 31 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠬᠦᠷᠴᠦ ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃
ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ︽ᠨᠢᠭᠡ ᠭᠤᠣᠯ ᠰᠢᠵᠢᠮ ︾᠂ ︽ᠬᠤᠶᠠᠷ ᠶᠡᠭᠡ ᠶᠠᠪᠤᠳᠠᠯ ︾᠂ ︽ᠲᠠᠪᠤᠨ ᠶᠡᠭᠡ ᠡᠭᠦᠷᠭᠡ ︾᠂ ︽ᠵᠢᠷᠭᠤᠭᠠᠨ ᠢᠨᠵᠧᠨᠧᠷᠢᠩ ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ︽ᠵᠢᠷᠭᠤᠭᠠᠨ ᠠᠵᠢᠯᠯᠠᠭ᠎ᠠ ︾ ᠵᠡᠷᠭᠡ ᠨᠢ ᠴᠥᠮ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠰᠡᠳᠬᠢᠴᠡ ᠪᠠ ᠲᠣᠬᠢᠷᠠᠭᠤᠯᠤᠯᠲᠠ ᠪᠠᠶᠢᠷᠢᠯᠠᠭᠤᠯᠤᠯᠲᠠ ᠪᠣᠯᠣᠨ᠎ᠠ ᠂ ᠪᠢᠳᠡ ᠡᠷᠬᠡᠪᠰᠢ ᠠᠵᠢᠯ ᠢᠶᠠᠨ ᠲᠡᠷᠢᠭᠦᠨ ᠳᠤ ᠲᠠᠯᠪᠢᠵᠤ ᠂ ᠴᠤᠴᠠᠯᠲᠠ ᠦᠭᠡᠢ ᠠᠳᠬᠤᠵᠤ ᠂ ᠰᠡᠳᠬᠢᠴᠡ ᠪᠠᠨ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ ᠃
ᠰᠦᠨ ᠱᠤᠤ ᠴᠧᠩ ᠂ ︽ᠵᠢᠷᠭᠤᠭᠠᠨ ᠠᠵᠢᠯᠯᠠᠭ᠎ᠠ ︾ ᠨᠢ ᠰᠢᠰᠲ᠋ᠧᠮ ᠨᠢᠭᠡ ᠪᠦᠷᠢ ᠂ ᠠᠵᠢᠯ ᠳᠦᠷᠦᠯ ᠨᠢᠭᠡ ᠪᠦᠷᠢ ᠲᠠᠢ ᠨᠢᠭᠲᠠ ᠬᠤᠯᠪᠤᠭ᠎ᠠ ᠲᠠᠢ ᠶᠤᠮ ᠂ ᠡᠯ᠎ᠡ ᠰᠠᠯᠠᠭ᠎ᠠ ᠮᠥᠴᠢᠷ ᠡᠯ᠎ᠡ ᠰᠢᠰᠲ᠋ᠧᠮ ᠡᠯ᠎ᠡ ᠨᠢᠭᠡᠴᠢ ᠶᠢᠨ ᠬᠢᠨ ᠳᠦᠷᠦᠯ ᠵᠦᠢᠯ ᠢ ᠵᠢᠷᠤᠵᠤ ᠲᠥᠯᠥᠪᠯᠡᠬᠦ ᠂ ᠠᠵᠢᠯ ᠪᠠᠶᠢᠷᠢᠯᠠᠭᠤᠯᠬᠤ ᠳᠠᠭᠠᠨ ᠪᠦᠷ ᠰᠠᠨᠠᠭᠠᠴᠢᠯᠠᠭ᠎ᠠ ᠠᠴᠠ ᠪᠠᠨ ᠡᠭᠦᠷᠭᠡ ᠡᠭᠦᠷᠭᠡᠯᠡᠵᠦ ᠂ ᠪᠤᠰᠤᠳ ᠰᠠᠯᠠᠭ᠎ᠠ ᠮᠥᠴᠢᠷ ᠯᠦᠭᠡ ᠢᠳᠡᠪᠬᠢᠲᠡᠢ ᠬᠠᠮᠵᠢᠯᠴᠠᠨ ᠠᠵᠢᠯ ᠢᠶᠠᠨ ᠰᠠᠶᠢᠲᠤᠷ ᠬᠢᠵᠦ ᠂ ︽ᠵᠢᠷᠭᠤᠭᠠᠨ ᠠᠵᠢᠯᠯᠠᠭ᠎ᠠ ︾ ᠶᠢ ᠨᠠᠶᠢᠳᠠᠪᠤᠷᠢᠵᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠃ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ ᠂ ᠪᠦᠲᠦᠮᠵᠢᠲᠡᠶ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ︽ᠵᠢᠷᠭᠤᠭᠠᠨ ᠠᠵᠢᠯᠯᠠᠭ᠎ᠠ ︾ ᠶᠢ ᠬᠡᠷᠡᠭᠵᠢᠭᠦᠯᠬᠦ ᠶᠠᠪᠤᠴᠠ ᠳᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠵᠢᠭᠦᠯᠵᠦ ᠲᠠᠶᠢᠯᠭᠦ ᠶᠢ ᠨᠢ ᠵᠠᠪᠠᠯ ᠭᠦᠢᠴᠡᠳ ᠬᠡᠷᠡᠭᠯᠡᠵᠦ ᠂ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ ᠃
ᠰᠦᠨ ᠱᠤᠤ ᠴᠧᠩ ᠂ ᠡᠨᠡ ᠵᠢᠯ ᠮᠠᠨ ᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ ᠂ ᠪᠦᠭᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠠᠵᠢᠯ ᠢ ᠭᠦᠢᠴᠡᠳ ᠨᠤᠲᠠᠯᠠᠭᠤᠰᠢᠲᠠᠢ ᠶᠤᠮ ᠭᠡᠪᠡ ᠃ ᠲᠡᠷᠡ ᠡᠯ᠎ᠡ ᠱᠠᠲᠤᠨ ᠤ ᠤᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠂ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ ᠃ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ ᠂ ᠣᠶ ᠰᠢᠭᠤᠢ ᠨᠤᠲᠤᠭ ᠪᠡᠯᠴᠢᠭᠡᠷ ᠤᠨ ᠡᠳᠡᠭᠡᠷᠡᠯᠲᠡ ᠶᠢᠨ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠢ ᠃ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠴᠤ ᠡᠯᠡᠰᠦ ᠶᠢ ᠵᠠᠰᠠᠬᠤ ᠥᠪᠡᠷ ᠤᠨ ᠥᠷᠲᠡᠭ ᠢ ᠠᠷᠪᠢᠯᠠᠬᠤ ᠶᠢ ᠪᠠᠷᠢᠮᠲᠠᠯᠠᠵᠤ ᠂ ᠮᠠᠰᠢᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠃ ᠣᠶ ᠰᠢᠭᠤᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠵᠤ ᠂ ᠬᠠᠤᠯᠢ ᠬᠡᠷᠡᠭᠵᠢᠭᠦᠯᠬᠦ ᠬᠦᠴᠦᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠨᠠᠶᠢᠳᠠᠪᠤᠷᠢᠵᠢᠭᠤᠯᠤᠨ ᠂ ᠱᠠᠩᠨᠠᠵᠤ ᠲᠣᠷᠭᠠᠬᠤ ᠶᠢ ᠲᠣᠳᠣᠷᠬᠠᠢ ᠪᠤᠯᠭᠠᠵᠤ ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠤᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ ᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠰᠢᠭ ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ ᠃
ᠬᠠᠮᠤᠭ ᠤᠨ ᠰᠠᠭᠦᠯ ᠳᠤ ᠂ ᠰᠦᠨ ᠱᠤᠤ ᠴᠧᠩ ᠤᠯᠠᠨ ᠤ ᠰᠢᠨ᠎ᠡ ᠣᠨ ᠳᠠᠭᠠᠨ ᠪᠠᠶᠠᠷ ᠭᠦᠷ ᠲᠠᠢ ᠪᠠᠶᠢᠬᠤ ᠶᠢ ᠵᠥᠩᠨᠡᠵᠦ ᠂ ᠤᠯᠠᠨ ᠤ ᠰᠢᠨ᠎ᠡ ᠵᠢᠯ ᠳᠡᠭᠡᠨ ᠡᠷᠴᠢ ᠵᠣᠷᠢᠭ ᠢᠶᠠᠨ ᠰᠤᠯᠠᠷᠠᠭᠤᠯᠤᠯ ᠦᠭᠡᠢ ᠪᠠᠷᠢᠮᠲᠠᠯᠠᠵᠤ ᠂ ︽ᠮᠣᠩᠭᠤᠯ ᠮᠣᠷᠢᠨ ︾ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠦᠭᠦ ᠲᠠᠯ᠎ᠠ ᠪᠠᠷ ᠰᠠᠶᠢᠲᠤᠷ ᠪᠡᠶᠡᠯᠡᠭᠦᠯᠬᠦ ᠶᠢ ᠬᠦᠰᠡᠪᠡ ᠃
ᠢᠦᠢ ᠯᠢ ᠰᠢᠨ ᠂ ᠳᠠᠶᠢᠴᠢᠨ ᠠᠵᠢᠯᠯᠠᠭ᠎ᠠ ᠳᠤ ᠣᠷᠣᠯᠴᠠᠵᠠᠢ ᠃