ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠣᠷᠳᠣᠰ ᠬᠤᠳᠠ ᠶᠢᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠨ ᠺᠠᠳ᠋ᠷ ᠤᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠠ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃

1 ᠰᠠᠷ᠎ᠠ ᠶᠢᠨ 23 ᠤ ᠡᠳᠦᠷ᠂ ᠸᠠᠩ ᠯᠢ ᠰᠢᠶᠠ ᠦᠦᠰᠢᠨ ᠬᠤᠰᠢᠭᠤᠨ ᠤ ᠠᠯᠲᠠᠨᠬᠤᠷᠯᠣ ᠶᠢᠨ ᠭᠡᠷ ᠲᠤ ᠬᠦᠷᠴᠦ ᠰᠢᠨ᠎ᠡ ᠵᠢᠯ ᠤᠨ ᠮᠡᠨᠳᠦᠴᠢᠯᠡᠯ ᠬᠦᠷᠭᠡᠪᠡ᠃
ᠸᠠᠩ ᠯᠢ ᠰᠢᠶᠠ ᠦᠦᠰᠢᠨ ᠬᠤᠰᠢᠭᠤᠨ ᠤ ᠠᠯᠲᠠᠨᠬᠤᠷᠯᠣ ᠶᠢᠨ ᠭᠡᠷ ᠲᠤ ᠬᠦᠷᠴᠦ ᠰᠢᠨ᠎ᠡ ᠵᠢᠯ ᠤᠨ ᠮᠡᠨᠳᠦᠴᠢᠯᠡᠯ ᠬᠦᠷᠭᠡᠵᠦ᠂ ︽ᠰᠢᠨᠡᠯᠡᠬᠦ ᠣᠶᠢᠷᠠᠲᠤᠯ᠎ᠠ᠂ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠲᠠ ᠨᠠᠷ ᠢ ᠦᠵᠡᠬᠦ ᠪᠠᠷ ᠢᠷᠡᠯ᠎ᠠ︾ ᠭᠡᠪᠡ᠂ ᠲᠡᠷᠡ ᠬᠤᠶᠠᠷ ᠨᠠᠰᠤᠲᠠᠨ ᠲᠠᠢ ᠵᠣᠭᠤᠭᠳᠠᠵᠤ᠂ ᠲᠡᠳᠡᠨ ᠤ ᠡᠷᠡᠭᠦᠯ ᠮᠡᠨᠳᠦ ᠶᠢᠨ ᠪᠠᠶᠢᠳᠠᠯ ᠪᠣᠯᠣᠨ ᠡᠮᠴᠢᠯᠡᠭᠡᠨ ᠤ ᠪᠠᠲᠤᠯᠠᠭ᠎ᠠ ᠶᠢᠨ ᠦᠨᠳᠦᠰᠦᠨ ᠪᠠᠶᠢᠳᠠᠯ᠂ ᠲᠠᠷᠢᠶᠠᠯᠠᠩ ᠤᠨ ᠨᠥᠬᠦᠪᠦᠷᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠷᠣᠯᠭ᠎ᠠ ᠶᠢᠨ ᠲᠠᠩᠰᠠ ᠶᠢ ᠨᠢᠭᠡᠳ ᠨᠢᠭᠡ ᠪᠠᠷ ᠪᠤᠳᠤᠵᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠢ ᠮᠠᠯᠴᠢᠨ ᠲᠠᠷᠢᠶᠠᠴᠢᠳ ᠢ ᠬᠠᠪᠰᠤᠷᠤᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠰᠠᠶᠢᠨ ᠠᠮᠤ ᠰᠠᠶᠢᠨ ᠮᠢᠬ᠎ᠠ ᠶᠢ ᠰᠠᠶᠢᠨ ᠦᠨ᠎ᠡ ᠳᠤ ᠬᠦᠷᠭᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠪᠠᠲᠤᠯᠠᠭ᠎ᠠ ᠲᠠᠢ᠂ ᠦᠷᠭᠦᠯᠵᠢᠯᠡᠬᠦᠶᠢᠴᠡ ᠪᠤᠯᠭᠠᠬᠤ ᠬᠡᠷᠡᠭᠲᠡᠢ ᠭᠡᠵᠦ ᠵᠠᠬᠢᠪᠠ᠃ ᠬᠤᠶᠠᠷ ᠨᠠᠰᠤᠲᠠᠨ ᠲᠤᠬᠳᠤᠯᠤᠬᠰᠠᠨ ᠰᠡᠳᠬᠢᠯ ᠢᠶᠠᠷ᠂ ᠪᠢᠳᠡ ᠰᠠᠶᠢᠬᠠᠨ ᠴᠠᠭ ᠦᠶ᠎ᠡ ᠳᠤ ᠠᠮᠢᠳᠤᠷᠠᠵᠤ ᠪᠠᠶᠢᠨ᠎ᠠ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢ ᠡᠳ᠋ᠯᠡᠵᠦ᠂ ᠦᠨᠡᠨ ᠰᠡᠳᠬᠢᠯ ᠠᠴᠠ ᠪᠠᠨ ᠨᠠᠮ ᠳᠠᠭᠠᠨ ᠲᠠᠯᠠᠷᠬᠠᠵᠤ ᠪᠠᠶᠢᠨ᠎ᠠ ᠭᠡᠪᠡ᠃

1 ᠰᠠᠷ᠎ᠠ ᠶᠢᠨ 23 ᠤ ᠡᠳᠦᠷ᠂ ᠸᠠᠩ ᠯᠢ ᠰᠢᠶᠠ ᠲᠤᠭ ᠪᠠᠯᠭᠠᠰᠤᠨ ᠤ ᠱᠦᠨ ᠹᠧᠩ ᠲᠦᠷᠭᠡᠨ ᠬᠦᠷᠭᠡᠯᠲᠡ ᠶᠢᠨ ᠡᠵᠡᠩᠨᠡᠯᠲᠡ ᠶᠢᠨ ᠴᠡᠭ ᠲᠤ ᠬᠦᠷᠴᠦ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠲᠦᠷᠭᠡᠨ ᠬᠦᠷᠭᠡᠭᠴᠢ ᠶᠢ ᠡᠷᠭᠢᠨ ᠦᠵᠡᠪᠡ᠃
ᠴᠠᠭᠠᠨ ᠰᠠᠷ᠎ᠠ ᠶᠢᠨ ᠡᠮᠦᠨᠡᠬᠡᠨ ᠪᠣᠯ ᠰᠢᠤᠳᠠᠨ ᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠣᠷᠭᠢᠯ ᠤᠨ ᠬᠤᠭᠤᠴᠠᠭ᠎ᠠ ᠪᠠᠶᠢᠵᠤ᠂ ᠸᠠᠩ ᠯᠢ ᠰᠢᠶᠠ ᠲᠤᠭ ᠪᠠᠯᠭᠠᠰᠤᠨ ᠤ ᠱᠦᠨ ᠹᠧᠩ ᠲᠦᠷᠭᠡᠨ ᠬᠦᠷᠭᠡᠯᠲᠡ ᠶᠢᠨ ᠡᠵᠡᠩᠨᠡᠯᠲᠡ ᠶᠢᠨ ᠴᠡᠭ ᠲᠤ ᠬᠦᠷᠴᠦ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠲᠦᠷᠭᠡᠨ ᠬᠦᠷᠭᠡᠭᠴᠢ ᠶᠢ ᠡᠷᠭᠢᠨ ᠦᠵᠡᠪᠡ᠂ ᠲᠡᠷᠡ᠂ ᠲᠠ ᠨᠠᠷ ᠵᠦᠳᠡᠷᠡᠯ᠎ᠡ᠂ ᠲᠠ ᠨᠠᠷ ᠲᠤ ᠰᠢᠨ᠎ᠡ ᠶᠢᠨ ᠮᠡᠨᠳᠦ ᠬᠦᠷᠭᠡᠵᠦ ᠪᠠᠶᠢᠨ᠎ᠠ᠃ ᠪᠠᠷᠠᠭᠠᠨ ᠤ ᠭᠦᠢᠯᠭᠡᠭᠡ ᠶᠢᠨ ᠤᠷᠤᠭᠰᠢᠲᠠᠢ ᠶᠠᠪᠤᠭᠳᠠᠬᠤ ᠶᠢᠨ ᠵᠠᠩᠭᠢᠯᠠᠭ᠎ᠠ ᠨᠢ ᠡᠮᠦᠨ᠎ᠡ ᠹᠷᠣᠨᠲ ᠤᠨ ᠲᠦᠷᠭᠡᠨ ᠬᠦᠷᠭᠡᠭᠴᠢ ᠶᠢᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠪᠤᠢ᠂ ᠡᠯ᠎ᠡ ᠱᠠᠲᠤᠨ ᠤ ᠵᠠᠰᠠᠭ ᠤᠨ ᠣᠷᠳᠣᠨ ᠴᠥᠮ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠦᠳᠡᠯᠮᠦᠷᠢ ᠬᠦᠴᠦ ᠨᠢᠭᠲᠠᠷᠠᠭᠰᠠᠨ ᠭᠡᠯᠪᠡᠷᠢ ᠶᠢᠨ ᠠᠵᠤ ᠦᠢᠯᠡᠰ ᠢ ᠪᠣᠶᠢᠵᠢᠭᠤᠯᠵᠤ᠂ ᠤᠯᠠᠨ ᠲᠦᠮᠡᠨ ᠢ ᠲᠠᠶᠢᠴᠢᠯᠠᠵᠤ ᠤᠯᠠᠨ ᠠᠷᠭ᠎ᠠ ᠵᠠᠮ ᠢᠶᠠᠷ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃ ᠠᠮᠤᠭᠤᠯᠠᠩ ᠰᠠᠭᠤᠴᠠ᠂ ᠡᠷᠦᠭᠡ ᠠᠮᠠ ᠣᠷᠣᠭᠤᠯᠬᠤ᠂ ᠨᠡᠶᠢᠭᠡᠮ ᠤᠨ ᠪᠠᠲᠤᠯᠠᠭ᠎ᠠ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠥᠰ ᠢ ᠰᠡᠳᠬᠢᠯ ᠠᠮᠤᠷ ᠠᠵᠢᠯᠯᠠᠭᠤᠯᠵᠤ᠂ ᠪᠠᠶᠠᠷ ᠭᠦᠷ ᠲᠠᠢ ᠠᠮᠢᠳᠤᠷᠠᠭᠤᠯᠬᠤ ᠬᠡᠷᠡᠭᠲᠡᠢ ᠭᠡᠪᠡ᠃

1 ᠰᠠᠷ᠎ᠠ ᠶᠢᠨ 23 ᠤ ᠡᠳᠦᠷ᠂ ᠸᠠᠩ ᠯᠢ ᠰᠢᠶᠠ ᠪᠥᠬᠦ ᠤᠯᠤᠰ ᠤᠨ ︽5 · 1︾ ᠤ ᠬᠥᠳᠡᠯᠮᠦᠷᠢ ᠶᠢᠨ ᠱᠠᠩᠨᠠᠯ ᠬᠦᠷᠲᠡᠭᠰᠡᠨ ᠯᠢᠦ ᠰᠢᠨ ᠢ ᠲᠤᠰᠬᠠᠶᠢᠯᠠᠨ ᠡᠷᠭᠢᠨ ᠦᠵᠡᠪᠡ᠃
ᠸᠠᠩ ᠯᠢ ᠰᠢᠶᠠ ᠪᠦᠭᠦ ᠤᠯᠤᠰ ᠤᠨ ︽5 · 1︾ ᠤ ᠭᠦᠳᠡᠯᠮᠦᠷᠢ ᠶᠢᠨ ᠱᠠᠩᠨᠠᠯ ᠭᠥᠷᠳᠡᠭᠰᠡᠨ ᠯᠢᠦ ᠰᠢᠨ ᠢ ᠲᠤᠰᠬᠠᠶᠢᠯᠠᠨ ᠡᠷᠭᠢᠨ ᠦᠵᠡᠵᠦ᠂ ᠭᠦᠳᠡᠯᠮᠦᠷᠢ ᠶᠢᠨ ᠵᠢᠱᠢᠶᠡᠴᠢ ᠶᠢᠨ ᠰᠢᠨ᠎ᠡ ᠡᠭᠦᠳᠦᠯᠲᠡ ᠠᠵᠢᠯᠯᠠᠬᠤ ᠲᠠᠰᠤᠭ ᠤᠨ ᠪᠦᠯᠭᠦᠮ ᠤᠨ ᠪᠠᠶᠢᠳᠠᠯ ᠢ ᠨᠠᠷᠢᠨ ᠣᠶᠢᠯᠠᠭᠠᠪᠠ᠂ ᠲᠡᠷᠡ᠂ ᠭᠦᠳᠡᠯᠮᠦᠷᠢ ᠶᠢᠨ ᠵᠢᠱᠢᠶᠡᠴᠢ ᠪᠣᠯ ᠲᠤᠭ ᠮᠥᠨ᠂ ᠤᠯᠠᠮᠵᠢᠯᠠᠬᠤ ᠬᠠᠪᠰᠤᠷᠬᠤ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠨᠡᠩ ᠤᠯᠠᠨ ᠵᠠᠯᠠᠭᠤᠴᠤᠳ ᠢ ᠳᠠᠭᠠᠭᠤᠯᠤᠨ ᠰᠠᠶᠢᠲᠤᠷ ᠠᠵᠢᠯᠯᠠᠵᠤ᠂ ᠬᠠᠮᠤᠭ ᠤᠨ ᠭᠤᠶᠤ ᠲᠡᠮᠡᠴᠡᠭᠴᠢ ᠪᠤᠯᠬᠤ ᠪᠠᠷ ᠴᠢᠷᠮᠠᠶᠢᠵᠤ᠂ ᠪᠦᠭᠦ ᠨᠡᠶᠢᠭᠡᠮ ᠢᠶᠠᠷ ᠢᠶᠠᠨ ᠭᠦᠳᠡᠯᠮᠦᠷᠢ ᠶᠢᠨ ᠵᠢᠱᠢᠶᠡᠴᠢ ᠠᠴᠠ ᠰᠤᠷᠤᠯᠴᠠᠬᠤ ᠬᠡᠷᠡᠭᠲᠡᠢ ᠭᠡᠪᠡ᠃

1 ᠰᠠᠷ᠎ᠠ ᠶᠢᠨ 23 ᠤ ᠡᠳᠦᠷ᠂ ᠸᠠᠩ ᠯᠢ ᠰᠢᠶᠠ ᠪᠣᠣ ᠹᠧᠩ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠺᠣᠮᠫᠠᠨᠢ ᠳᠤ ᠬᠦᠷᠴᠦ᠂ ᠨᠡᠭᠦᠷᠡᠰᠦ ᠪᠠᠷ ᠠᠯᠺᠧᠨ ᠨᠡᠭᠦᠷᠡᠭᠴᠢ ᠦᠢᠯᠡᠳᠬᠦ ᠪᠠ ᠢᠵᠢ ᠲᠥᠬᠦᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠪᠡ᠃
ᠸᠠᠩ ᠯᠢ ᠰᠢᠶᠠ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠮᠠᠰᠢ ᠬᠠᠯᠠᠮᠵᠢᠯᠠᠵᠤ᠂ ᠪᠦᠦ ᠹᠧᠩ ᠨᠡᠭᠦᠷᠡᠰᠦ ᠪᠠᠷ ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ ᠤᠨ ᠺᠤᠮᠫᠠᠨᠢ ᠳᠤ᠂ ᠠᠵᠤ ᠠᠬᠤᠶᠢᠯᠠᠯ ᠤᠨ ᠬᠢᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠠᠶᠢᠲᠤᠷ ᠬᠢᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠ ᠠᠶᠤᠯᠭᠦᠢ ᠦᠢᠯᠡᠳᠪᠦᠷᠢᠯᠡᠯ ᠤᠨ ᠬᠡᠪ ᠳᠠᠭᠤᠷᠢᠶᠠᠯ ᠪᠣᠯᠵᠤ᠂ ᠳᠡᠯᠡᠬᠡᠢ ᠶᠢᠨ ᠲᠡᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠴᠣᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃ ᠲᠡᠷᠡ ᠵᠥᠩ ᠲᠢᠶᠠᠨ ᠾᠧ ᠴᠤᠸᠠᠩ ᠺᠤᠮᠫᠠᠨᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠨ ᠲᠠᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠤᠨ ᠡᠪᠦᠯ ᠤᠨ ᠤᠯᠠᠷᠢᠯ ᠤᠨ ᠪᠠᠷᠢᠯᠭ᠎ᠠ ᠶᠢᠨ ᠰᠠᠭᠤᠷᠢᠨ ᠳᠤ ᠬᠦᠷᠴᠦ᠂ ᠲᠦᠷᠭᠡᠯᠡᠵᠦ ᠪᠤᠯᠬᠤ ᠶᠢ ᠨᠢ ᠲᠦᠷᠭᠡᠯᠡᠵᠦ᠂ ᠲᠥᠷᠥᠯ ᠵᠦᠢᠯ ᠢ ᠡᠷᠲᠡᠬᠡᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠭᠦᠷᠦᠭᠰᠡᠨ ᠭᠠᠵᠠᠷ ᠪᠣᠯᠭᠠᠨ ᠳᠤ᠂ ᠲᠡᠷᠡ ᠲᠤᠬᠠᠢ ᠶᠢᠨ ᠭᠠᠵᠠᠷ ᠤᠨ ᠬᠢᠨ ᠢ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠵᠠᠰᠠᠭ ᠪᠠ ᠠᠵᠤ ᠠᠬᠤᠶᠢᠯᠠᠯ ᠰᠡᠳᠬᠢᠯ ᠨᠢᠭᠡᠳᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠠᠬᠢᠪᠠ᠃