1 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠭᠦᠭᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠡᠮᠦᠨ᠎ᠡ ᠠᠴᠠ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃

1 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠭᠦᠭᠡᠬᠤᠲᠠ ᠳᠤ ᠶᠠᠪᠤᠭᠳᠠᠪᠠ᠃
ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠣᠷᠣᠯᠴᠠᠵᠠᠢ᠃
ᠦᠳᠡ ᠶᠢᠨ ᠡᠮᠦᠨᠡᠬᠢ 10 ᠴᠠᠭ ᠲᠤ᠂ ᠰᠢᠨ᠎ᠡ ᠬᠤᠲᠠ ᠵᠣᠴᠢᠳ ᠤᠨ ᠪᠠᠭᠤᠳᠠᠯ ᠤᠨ ᠲᠥᠷᠥ ᠶᠢᠨ ᠳᠠᠶᠢᠯᠠᠯᠭ᠎ᠠ ᠶᠢᠨ ᠲᠢᠩᠬᠢᠮ ᠳᠤ ᠭᠦᠷ ᠬᠥᠭᠵᠢᠶᠡᠨ᠂ ᠡᠶ᠎ᠡ ᠨᠠᠶᠢᠷ ᠢᠶᠠᠷ ᠪᠢᠯᠬᠠᠵᠤ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠠᠷ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠲᠠᠢ ᠨᠢᠭᠡ ᠲᠠᠩᠬᠢᠮ ᠳᠤ ᠴᠤᠭᠯᠠᠷᠠᠵᠤ᠂ ᠮᠣᠭᠠᠢ ᠵᠢᠯ ᠤᠨ ᠴᠠᠭᠠᠨ ᠰᠠᠷ᠎ᠠ ᠶᠢ ᠬᠠᠮᠲᠤ ᠪᠠᠷ ᠤᠭᠲᠤᠵᠤ᠂ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠬᠠᠮᠲᠤ ᠪᠠᠷ ᠶᠠᠷᠢᠯᠴᠠᠪᠠ᠃
ᠰᠦᠨ ᠱᠤᠤ ᠴᠧᠩ ᠪᠠᠶᠠᠷ ᠤᠨ ᠦᠭᠡ ᠬᠡᠯᠡᠬᠦ ᠳᠡᠭᠡᠨ᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦ ᠳᠤ ᠬᠡᠬᠦᠳᠡᠭ ᠳᠦᠭᠦᠷᠡᠩ ᠣᠮᠣᠭᠰᠢᠯ ᠲᠠᠢ ᠪᠠᠶᠢᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠢᠲᠡᠭᠡᠯ ᠢᠶᠠᠨ ᠬᠥᠪᠴᠢᠯᠡᠨ ᠵᠣᠷᠢᠭ ᠢᠶᠠᠨ ᠴᠢᠩᠭᠠᠯᠠᠵᠤ᠂ ᠬᠥᠭᠵᠢᠯᠲᠡ ᠶᠢ ᠠᠳᠬᠤᠨ ᠠᠵᠤ ᠠᠬᠤᠢ ᠶᠢ ᠬᠥᠭᠵᠢᠭᠦᠯᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠭᠦ ᠤᠯᠤᠰ ᠤᠨ ᠬᠤᠷᠢᠳᠤᠭᠠᠷ ᠲᠤ ᠣᠷᠣᠵᠤ᠂ ᠴᠢᠨᠠᠷ ᠰᠠᠶᠢᠲᠠᠢ ᠬᠥᠭᠵᠢᠯᠲᠡ ᠭᠢᠯᠠᠯᠵᠠᠭᠰᠠᠨ ᠠᠮᠵᠢᠯᠲᠠ ᠣᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠡᠬᠢᠯᠡᠨ ᠬᠥᠭᠵᠢᠵᠦ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ 2400 ᠲᠦᠮᠡᠨ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠤᠬᠠᠮᠰᠠᠷ᠂ ᠡᠵᠡᠨ ᠬᠥᠮᠥᠨ ᠤ ᠤᠬᠠᠮᠰᠠᠷ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠲᠠᠰᠤᠷᠠᠯᠲᠠ ᠦᠭᠡᠢ ᠴᠢᠩᠭᠠᠷᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠨ᠎ᠠ᠃ ᠰᠢᠨ᠎ᠡ ᠨᠢᠭᠡᠨ ᠵᠢᠯ ᠢ ᠪᠠᠷᠠᠯᠠᠬᠤ ᠳᠤ᠂ ᠢᠲᠡᠭᠡᠯ ᠵᠣᠷᠢᠭ ᠬᠥᠪᠴᠢᠯᠡᠭᠳᠡᠨ᠎ᠡ᠃ ᠣᠳᠣᠬᠠᠨ ᠳᠤ ᠥᠪᠥᠷ ᠮᠣᠩᠭᠤᠯ ᠬᠥᠭᠵᠢᠯᠲᠡ ᠶᠢᠨ ᠰᠠᠭᠤᠷᠢ ᠪᠠᠲᠤ ᠪᠠᠬᠢ᠂ ᠬᠥᠭᠵᠢᠯᠲᠡ ᠶᠢᠨ ᠠᠵᠠ ᠲᠣᠭᠢᠶᠠᠯ ᠥᠪᠡᠷᠮᠢᠴᠡ᠂ ᠬᠥᠭᠵᠢᠯᠲᠡ ᠶᠢᠨ ᠡᠷᠴᠢᠮ ᠴᠢᠩᠭ᠎ᠠ ᠪᠠᠶᠢᠨ᠎ᠠ᠃ ᠪᠢᠳᠡ ᠤᠯᠤᠰ ᠲᠥᠷᠥ ᠶᠢᠨ ᠦᠨᠡᠨᠴᠢ ᠰᠢᠳᠤᠷᠭᠤ ᠰᠡᠳᠬᠢᠯᠭᠡ ᠶᠢ ᠪᠠᠲᠤ ᠪᠤᠶ ᠪᠤᠯᠭᠠᠵᠤ᠂ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠨᠢᠭᠡ ᠭᠤᠣᠯ ᠱᠤᠭᠤᠮ ᠢ ᠡᠷᠡᠰ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠡᠷᠡᠯ ᠰᠠᠴᠤᠷᠠᠩᠭᠤᠢ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢᠶᠠᠷ ᠥᠪᠥᠷ ᠮᠣᠩᠭᠤᠯ ᠤᠨ ᠡᠬᠡ ᠭᠠᠵᠠᠷ ᠢ ᠴᠢᠮᠡᠭᠯᠡᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃
ᠬᠠᠮᠲᠤ ᠶᠢᠨ ᠵᠣᠯᠭᠠᠯᠲᠠ ᠳᠡᠭᠡᠷ᠎ᠡ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠤᠷᠠᠯᠢᠭ ᠤᠨ ᠠᠵᠢᠯᠲᠠᠳ ᠭᠤᠶᠢᠳᠠ ᠰᠠᠶᠢᠬᠠᠨ ᠲᠣᠬᠯᠠᠯᠲᠠ ᠭᠠᠷᠭᠠᠪᠠ᠃ ᠡᠭᠢᠯᠡᠯᠲᠡ ᠶᠢᠨ ᠪᠥᠵᠢᠭ ︽ᠮᠠᠭᠲᠠᠭᠠᠯ ᠳᠠᠭᠤᠤ︾ ᠨᠢ ᠬᠥᠭᠵᠢᠶᠡᠨᠲᠦ ᠠᠶᠢᠵᠠᠮ ᠪᠠ ᠰᠦᠷ ᠳᠠᠯᠠᠶᠢᠴᠠᠲᠠᠢ ᠬᠥᠳᠡᠯᠦᠯ ᠢᠶᠠᠷ ᠢᠶᠠᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠬᠡ ᠤᠯᠤᠰ ᠢᠶᠠᠨ ᠮᠠᠭᠲᠠᠨ ᠳᠠᠭᠤᠯᠠᠬᠤ ᠰᠡᠳᠬᠢᠯ ᠢ ᠢᠯᠡᠳᠬᠡᠪᠡ᠃ ᠳᠠᠭᠤᠤ ︽ᠤᠯᠠᠭᠠᠨ ᠲᠤᠭ︾ ᠨᠢ ᠳᠤᠮᠳᠠᠳᠤ ᠤᠯᠤᠰ ᠤᠨ ᠡᠪ ᠬᠠᠮᠲᠤ ᠨᠠᠮ ᠦᠨᠳᠦᠰᠦᠲᠡᠨ ᠨᠦᠭᠦᠳ ᠤᠨ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠮᠠᠭᠲᠠᠨ ᠳᠠᠭᠤᠯᠠᠪᠠ᠃ ᠪᠡᠭᠡᠵᠢᠩ ᠰᠢ ᠶᠢᠨ ᠴᠥᠷᠬᠡᠯᠡᠭᠡ ︽ᠤᠮᠠᠷᠠᠲᠤ ᠬᠢᠯᠢ ᠶᠢᠨ ᠪᠡᠭᠡᠵᠢᠩ ᠠᠶᠠᠯᠭᠤ︾ ᠨᠢ ᠬᠡᠳᠦᠨ ᠤᠯᠠᠮᠵᠢᠯᠠᠯᠲᠤ ᠰᠣᠩᠭᠤᠳᠠᠭ ᠵᠦᠴᠦᠭᠡ ᠪᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠤᠯᠤᠰ ᠣᠷᠣᠨ ᠢᠶᠠᠨ ᠬᠠᠮᠠᠭᠠᠯᠠᠬᠤ ᠪᠠᠭᠠᠲᠤᠷᠯᠢᠭ ᠦᠵᠡᠯ ᠢ ᠢᠯᠡᠳᠬᠡᠪᠡ᠃ ︽ᠤᠮᠠᠷᠠᠲᠤ ᠬᠢᠯᠢ ᠶᠢᠨ ᠦᠵᠡᠮᠵᠢ ᠶᠢᠨ ᠣᠷᠣᠨ︾ ᠭᠡᠬᠦ ᠳᠠᠭᠤᠤ ᠨᠢ ᠬᠢᠯᠢ ᠬᠢᠵᠠᠭᠠᠷ ᠢ ᠬᠠᠮᠠᠭᠠᠯᠠᠬᠤ ᠪᠠᠶᠢᠯᠳᠤᠭᠴᠢᠳ ᠤᠨ ᠬᠢᠯᠢ ᠬᠢᠵᠠᠭᠠᠷ ᠲᠤ ᠦᠨᠳᠦᠰᠦᠯᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠭᠰᠠᠨ ᠭᠡᠷᠡᠯ ᠰᠠᠴᠤᠷᠠᠩᠭᠤᠢ ᠳᠦᠷᠢ ᠲᠥᠷᠬᠦ ᠶᠢ ᠵᠢᠷᠤᠭᠯᠠᠪᠠ᠃ ᠨᠠᠶᠢᠷᠠᠯ ᠳᠠᠭᠤᠤ ︽ᠲᠦᠷᠪᠡᠨ ᠳᠠᠯᠠᠢ︾᠂ ︽ᠮᠣᠩᠭᠤᠯ ᠮᠣᠷᠢ︾ ᠨᠢ ᠢᠷᠠᠭᠤ ᠰᠠᠶᠢᠬᠠᠨ ᠳᠠᠭᠤᠤ ᠪᠠᠷ ᠥᠪᠥᠷ ᠮᠣᠩᠭᠤᠯ ᠤᠨ ᠠᠷᠠᠳ ᠲᠦᠮᠡᠨ ᠤ ᠬᠠᠯᠠᠭᠤᠮᠰᠤᠭ ᠵᠣᠴᠢᠨᠰᠠᠭ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠬᠠᠮᠲᠤ ᠶᠢᠨ ᠰᠡᠳᠬᠢᠯ ᠤᠨ ᠳᠠᠭᠤᠨ ᠢ ᠤᠶᠠᠩᠭᠠᠯᠠᠵᠠᠢ᠃ ᠲᠣᠬᠯᠠᠯᠲᠠ ᠶᠢᠨ ᠡᠴᠦᠰ ᠲᠤ᠂ ︽ᠥᠪᠥᠷ ᠮᠣᠩᠭᠤᠯ ᠢᠶᠠᠨ ᠮᠠᠭᠲᠠᠨ ᠳᠠᠭᠤᠯᠠᠶ᠎ᠠ︾ ᠭᠡᠬᠦ ᠣᠷᠭᠢᠯᠤᠮ᠎ᠠ ᠬᠠᠯᠭᠢᠯᠤᠮᠠ ᠳᠠᠭᠤᠤ ᠪᠠᠷ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠤᠲᠤᠭ ᠤᠰᠤ ᠪᠠᠨ ᠬᠠᠶᠢᠷᠠᠯᠠᠵᠤ ᠪᠠᠶᠢᠬᠤ ᠪᠠ ᠢᠷᠡᠭᠡᠳᠦᠢ ᠶᠢᠨ ᠠᠮᠢᠳᠤᠷᠠᠯ ᠤᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠷᠡᠭᠦᠯᠵᠦ᠂ ᠪᠦᠭᠦᠶᠢᠯᠡ ᠦᠳᠡᠰᠢᠯᠡᠭᠡ ᠶᠢ ᠤᠷᠭᠢᠯ ᠳᠤ ᠬᠦᠷᠭᠡᠵᠦ᠂ ᠲᠠᠯᠠᠪᠠᠢ ᠳᠠᠶᠠᠭᠠᠷ ᠬᠠᠯᠠᠭᠤᠨ ᠠᠯᠠᠭ᠎ᠠ ᠲᠠᠰᠢᠵᠠᠭᠠᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠪᠠ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠺᠣᠮᠠᠨᠳ᠋ᠯᠠᠭᠴᠢ᠂ ᠺᠣᠮᠢᠰᠰᠠᠷ᠂ ᠬᠡᠰᠡᠭ ᠮᠤᠵᠢ ᠶᠢᠨ ᠲᠡᠰ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠥᠪᠡᠷᠲᠡᠭᠡᠨ ᠵᠠᠰᠠᠬᠤ ᠣᠷᠣᠨ ᠤ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠪᠠ ᠡᠯ᠎ᠡ ᠠᠷᠠᠳ ᠤᠨ ᠪᠦᠯᠭᠦᠮ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠥᠰ᠂ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ᠂ ᠨᠡᠶᠢᠭᠡᠮ ᠤᠨ ᠰᠢᠨ᠎ᠡ ᠠᠩᠭᠢ ᠳᠠᠪᠬᠤᠷᠭ᠎ᠠ ᠶᠢᠨ ᠬᠥᠮᠥᠰ ᠤᠨ ᠲᠥᠯᠥᠭᠡᠯᠡᠭᠴᠢ᠂ ᠭᠦᠳᠡᠯᠮᠦᠷᠢ ᠶᠢᠨ ᠵᠢᠱᠢᠶᠡᠴᠢ᠂ ᠶᠣᠰᠣ ᠰᠤᠷᠲᠠᠬᠤᠨ ᠤ ᠵᠢᠱᠢᠶᠡᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ᠂ ᠰᠢᠯᠢᠳᠡᠭ ᠪᠠᠭᠰᠢ ᠶᠢᠨ ᠲᠥᠯᠥᠭᠡᠯᠡᠭᠴᠢ᠂ ᠴᠡᠷᠢᠭ ᠤᠨ ᠪᠠ ᠨᠥᠭᠴᠢᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ᠂ ᠪᠠᠶᠢᠯᠳᠤᠭᠠᠨ ᠤ ᠪᠠᠭᠠᠲᠤᠷ᠂ ᠬᠤᠪᠢᠰᠬᠠᠯᠲᠤ ᠵᠡᠮᠳᠡᠭ ᠴᠡᠷᠢᠭ ᠤᠨ ᠲᠥᠯᠥᠭᠡᠯᠡᠭᠴᠢ᠂ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠶᠢᠨ ᠲᠥᠯᠥᠭᠡᠯᠡᠭᠴᠢ᠂ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠲᠥᠯᠥᠭᠡᠯᠡᠭᠴᠢ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢ ᠣᠷᠣᠯᠴᠠᠪᠠ᠃