ᠣᠶᠢᠷ᠎ᠠ ᠳᠤ᠂ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠬᠤᠷᠢᠶᠠᠨ ᠤ ᠠᠯᠪᠠᠨ ᠭᠡᠷ ᠤᠨ ᠵᠣᠬᠢᠶᠠᠨ ᠪᠠᠶᠢᠭᠤᠯᠵᠤ ᠨᠠᠶᠢᠷᠠᠭᠤᠯᠤᠨ ᠪᠢᠴᠢᠭᠰᠡᠨ ︽ᠬᠤᠲᠠ ᠰᠢᠶᠠᠨ ᠤ ᠬᠠᠤᠯᠢᠵᠢᠯ ᠤᠨ ᠪᠠᠶᠢᠭᠤᠯᠤᠯᠲᠠ ᠶᠢᠨ ᠬᠡᠷᠡᠭ ᠤᠨ ᠵᠢᠱᠢᠶ᠎ᠡ ᠶᠢᠨ ᠰᠣᠩᠭᠤᠮᠠᠯ︾ ᠬᠡᠪᠯᠡᠭᠳᠡᠵᠦ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ᠂ ᠲᠦᠩᠯᠢᠶᠣᠣ ᠬᠤᠲᠠ ᠶᠢᠨ ᠬᠦᠷᠢᠶ᠎ᠡ ᠬᠤᠰᠢᠭᠤᠨ ᠳᠤ ᠬᠤᠯᠪᠣᠭᠳᠠᠭᠰᠠᠨ ᠬᠤᠶᠠᠷ ᠬᠡᠷᠡᠭ ᠤᠨ ᠵᠢᠱᠢᠶ᠎ᠡ ᠨᠢ ᠰᠣᠩᠭᠤᠭᠳᠠᠪᠠ᠃ ︵ᠲᠤᠰ ᠰᠡᠳᠬᠦᠯ︶
ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠲᠦᠷᠦᠭᠦᠯᠡᠨ ᠮᠡᠳᠡᠭᠦᠯᠦᠭᠰᠡᠨ ︽ᠰᠦᠯᠵᠢᠶᠡᠨ ᠤ ᠠᠮᠤᠷ ᠲᠦᠪᠰᠢᠨ ᠢ ᠨᠢᠭᠡ ᠴᠣᠭᠴᠠᠵᠢᠭᠤᠯᠬᠤ ᠵᠣᠬᠢᠴᠠᠯᠳᠤᠭᠤᠯᠤᠨ ᠠᠵᠢᠯᠯᠠᠭᠤᠯᠬᠤ ᠲᠠᠪᠴᠠᠩ︾ ᠤᠨ ᠲᠥᠷᠥᠯ ᠵᠦᠢᠯ ᠨᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠵᠡᠷᠭᠡ 13 ᠰᠠᠯᠠᠭ᠎ᠠ ᠮᠥᠴᠢᠷ ᠤᠨ ᠬᠠᠮᠲᠤᠷᠠᠨ ᠨᠡᠶᠢᠲᠡᠯᠡᠭᠰᠡᠨ ︽2024 ᠣᠨ ᠳᠠᠬᠢ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠬᠡᠷᠡᠭᠯᠡᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠥᠷᠥᠯ ᠵᠦᠢᠯ︾ ᠤᠨ ᠨᠡᠷᠡᠰ ᠲᠤ ᠰᠣᠩᠭᠤᠭᠳᠠᠨ ᠣᠷᠣᠪᠠ᠃ ᠡᠨᠡ ᠨᠢ ᠮᠠᠨ ᠤ ᠣᠷᠣᠨ ᠠᠴᠠ ᠰᠣᠩᠭᠤᠭᠳᠠᠭᠰᠠᠨ ᠴᠣᠷ ᠤᠨ ᠭᠠᠭᠴᠠ ᠬᠡᠷᠡᠭ ᠤᠨ ᠵᠢᠱᠢᠶ᠎ᠡ ᠪᠣᠯᠪᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶
ᠣᠶᠢᠷ᠎ᠠ ᠳᠤ᠂ ᠬᠥᠯᠥᠨ ᠪᠤᠶᠢᠷ ᠤᠨ ᠦᠬᠡᠷ ᠤᠨ ᠮᠢᠬᠠᠨ ᠤ ᠥᠯᠢᠭᠡᠷ ᠡᠳ᠋ ᠨᠢ ᠰᠢᠶᠠᠩᠭᠠᠩ ᠤᠨ ᠢᠳᠡᠭᠡᠨ ᠤ ᠣᠷᠴᠢᠨ ᠨᠥᠭᠦᠴᠡᠯ ᠡᠷᠡᠭᠦᠯ ᠬᠠᠮᠠᠭᠠᠯᠠᠯ ᠤᠨ ᠵᠠᠬᠢᠷᠭᠠᠨ ᠤ ᠭᠠᠳᠠᠭᠠᠳᠤ ᠠᠴᠠ ᠣᠷᠣᠭᠤᠯᠬᠤ ᠵᠥᠪᠰᠢᠶᠡᠷᠡᠯ ᠢ ᠤᠷᠤᠭᠰᠢᠲᠠᠢ ᠣᠯᠣᠭᠰᠠᠨ ᠢᠶᠠᠷ᠂ ᠬᠥᠯᠥᠨ ᠪᠤᠶᠢᠷ ᠤᠨ 580 ᠺᠢᠯᠣᠭ᠍ᠷᠠᠮ ᠲᠦᠷᠦᠭᠦᠸ ᠪᠦᠯᠦᠭ ᠤᠨ ᠬᠥᠯᠳᠡᠭᠡᠭᠰᠡᠨ ᠦᠬᠡᠷ ᠤᠨ ᠮᠢᠬ᠎ᠠ ᠶᠢ ᠪᠣᠭᠤᠮᠲᠠ ᠪᠠᠷ ᠥᠩᠭᠡᠷᠡᠭᠦᠯᠦᠨ ᠰᠢᠶᠠᠩᠭᠠᠩ ᠤᠨ ᠨᠢᠦ ᠭᠦᠩ ᠽᠢ ᠪᠦᠯᠦᠭᠯᠡᠯ ᠤᠨ ᠵᠢᠵᠢᠭᠯᠡᠨ ᠬᠤᠳᠠᠯᠳᠤᠬᠤ ᠪᠠ ᠪᠥᠭᠡᠮ ᠢᠶᠠᠷ ᠬᠤᠳᠠᠯᠳᠤᠬᠤ ᠳᠡᠯᠭᠡᠭᠦᠷ ᠲᠤ ᠬᠦᠷᠭᠡᠵᠡᠢ᠃ ᠰᠢᠶᠠᠩᠭᠠᠩ ᠪᠣᠭᠤᠮᠲᠠ ᠶᠢᠨ ᠲᠤᠭ᠎ᠠ ᠪᠠᠷᠢᠮᠲᠠ ᠠᠴᠠ ᠦᠵᠡᠪᠡᠯ᠂ ᠡᠨᠡ ᠪᠣᠯ ᠣᠶᠢᠷ᠎ᠠ ᠶᠢᠨ 30 ᠵᠢᠯ ᠳᠤ ᠬᠥᠯᠥᠨ ᠪᠤᠶᠢᠷ ᠤᠨ ᠬᠥᠯᠳᠡᠭᠡᠭᠰᠡᠨ ᠦᠬᠡᠷ ᠤᠨ ᠮᠢᠬ᠎ᠠ ᠶᠢ ᠠᠩᠬ᠎ᠠ ᠤᠳᠠᠭ᠎ᠠ ᠰᠢᠶᠠᠩᠭᠠᠩ ᠳᠤ ᠬᠠᠩᠭᠠᠵᠤ ᠪᠠᠶᠢᠭ᠎ᠠ ᠶᠠᠪᠤᠳᠠᠯ ᠪᠣᠯᠣᠨ᠎ᠠ᠃ ︵ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ︶
ᠣᠶᠢᠷ᠎ᠠ ᠳᠤ᠂ ᠥᠪᠥᠷ ᠮᠣᠩᠭᠤᠯ ᠤᠨ ᠳ᠋ᠠ ᠴᠢᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠨᠢ BSI ︵ᠠᠩᠭ᠍ᠯᠢ ᠶᠢᠨ ᠪᠠᠷᠢᠮᠵᠢᠶ᠎ᠠ ᠶᠢᠨ ᠨᠡᠶᠢᠭᠡᠮᠯᠢᠭ︶ ᠶᠢᠨ ᠭᠡᠷᠡᠴᠢᠯᠡᠭᠰᠡᠨ ᠤᠯᠤᠰ ᠤᠨ ᠳᠣᠲᠣᠭᠠᠳᠤ ᠶᠢᠨ ᠪᠣᠬᠢᠷᠳᠤᠯ ᠦᠭᠡᠢ ᠴᠠᠬᠢᠯᠭᠠᠨ ᠤ ᠣᠯᠠᠨ ᠤᠯᠤᠰ ᠤᠨ ᠨᠡᠭᠦᠷᠡᠰᠦᠲᠥ᠋ᠷᠥᠭᠴᠢ ᠶᠢᠨ ᠵᠢᠮ ᠤᠨ ᠠᠩᠬᠠᠳᠠᠭᠴᠢ ᠦᠨᠡᠮᠯᠡᠯ ᠢ ᠣᠯᠣᠭᠰᠠᠨ ᠪᠠᠶᠢᠨ᠎ᠠ᠃ ︵ᠪᠤᠭᠤᠲᠤ ᠬᠤᠲᠠ ᠶᠢᠨ ᠵᠠᠰᠠᠭ ᠤᠨ ᠣᠷᠳᠣᠨ᠂ ᠵᠢᠦᠶᠤᠸᠠᠨ ᠲᠣᠭᠤᠷᠢᠭ ᠤᠨ ᠵᠠᠰᠠᠭ ᠤᠨ ᠣᠷᠳᠣᠨ︶
2 ᠳ᠋ᠤᠭᠠᠷ ᠰᠠᠷ᠎ᠠ ᠶᠢᠨ 13 ᠤ ᠡᠳᠦᠷ ᠠᠴᠠ 3 ᠳ᠋ᠤᠭᠠᠷ ᠰᠠᠷ᠎ᠠ ᠶᠢᠨ 29 ᠤ ᠡᠳᠦᠷ ᠪᠣᠯᠲᠠᠯ᠎ᠠ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ︽ᠰᠠᠯᠪᠤᠷᠢ ᠱᠤᠭᠤᠮ ᠤᠨ ᠨᠡᠪᠲᠡᠷᠡᠯ︾ ᠠᠭᠠᠷ ᠠᠶᠠᠯᠠᠯ ᠤᠨ ᠱᠤᠭᠤᠮ ᠢᠶᠠᠷ ︽ᠰᠢᠯᠢ ᠶᠢᠨ ᠭᠤᠣᠯ ᠤᠨ ᠡᠷᠬᠢᠮᠰᠦᠭ ᠬᠦᠷᠲᠡᠭᠡᠯ · ᠥᠪᠥᠷ ᠮᠣᠩᠭᠤᠯ ᠢᠶᠠᠷ ᠠᠶᠠᠯᠠᠬᠤ︾ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠦᠨ᠂ ᠪᠠᠭᠰᠢ ᠰᠣᠷᠣᠭᠴᠢ ᠴᠡᠷᠢᠭ ᠵᠡᠷᠭᠡ ᠵᠢᠭᠠᠨ ᠲᠣᠭᠲᠠᠭᠠᠭᠰᠠᠨ ᠠᠶᠠᠨᠴᠢᠳ ᠲᠤ ᠬᠠᠨᠳᠤᠭᠤᠯᠤᠨ ᠳᠠᠩ ᠴᠢᠭᠯᠡᠯ ᠤᠨ ᠠᠶᠠᠯᠠᠯ ᠳᠤ ᠨᠢ ᠬᠠᠮᠤᠭ ᠤᠨ ᠳᠣᠣᠷ᠎ᠠ ᠳᠤ ᠪᠠᠨ 200 ᠲᠥᠭᠦᠷᠢᠭ ᠠᠴᠠ ᠡᠬᠢᠯᠡᠭᠦᠯᠬᠦ ᠣᠨᠴᠠ ᠬᠠᠷᠠᠭᠠᠯᠵᠠᠯᠲᠤ ᠪᠢᠯᠧᠲ ︵ᠭᠠᠶᠢᠯᠢ ᠶᠢᠨ ᠮᠥᠩᠭᠦ ᠶᠢ ᠪᠠᠭᠲᠠᠭᠠᠬᠤ ᠦᠭᠡᠢ︶ ᠣᠯᠭᠤᠵᠤ ᠪᠠᠶᠢᠨ᠎ᠠ᠃ ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ︶