ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ
ᠠᠷᠠᠳ ᠤᠨ ᠵᠠᠰᠠᠭ ᠤᠨ ᠣᠷᠳᠣᠨ ᠤ ᠵᠠᠷᠯᠢᠭ
273 ᠳ᠋ᠤᠭᠠᠷ ᠲᠣᠭᠠᠲᠤ
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ︾ ᠶᠢ ᠨᠢᠭᠡᠨᠲᠡ 2024 ᠣᠨ ᠤ 11 ᠳ᠋ᠦ᠋ᠭᠡᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2025 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ
2024 ᠣᠨ ᠤ 12 ᠳ᠋ᠤᠭᠠᠷ ᠰᠠᠷ᠎ᠠ ᠶᠢᠨ 16 ᠤ ᠡᠳᠦᠷ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ
ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠵᠢᠷᠤᠮᠵᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠂ ᠲᠥᠷᠥ ᠶᠢᠨ ᠶᠠᠪᠤᠳᠠᠯ ᠤᠨ ᠬᠤᠷᠢᠶᠠᠨ ᠤ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃
ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ᠂ ᠠᠵᠢᠯᠯᠠᠭᠠᠨ᠂ ᠦᠢᠯᠡᠴᠢᠯᠡᠭᠡ ᠵᠢᠴᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠠᠰᠲᠠᠭᠠᠨ ᠲᠣᠭᠲᠠᠭᠠᠯ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃
ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠭᠡᠳᠡᠭ ᠨᠢ ᠣᠯᠠᠨ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠭᠰᠠᠨ ᠨᠡᠶᠢᠲᠡ ᠶᠢᠨ ᠥᠮᠴᠢᠯᠡᠯᠲᠦ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠵᠢᠭᠠᠵᠤ ᠪᠤᠶ᠃
ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠭᠡᠳᠡᠭ ᠨᠢ ᠨᠢᠭᠡᠳᠦᠯᠲᠡᠶ ᠲᠦᠷᠢᠮ ᠪᠠ ᠪᠠᠷᠢᠮᠵᠢᠶ᠎ᠠ ᠶᠢ ᠬᠡᠷᠡᠭᠵᠢᠭᠦᠯᠵᠦ᠂ ᠨᠡᠭᠡᠭᠡᠯᠲᠡ ᠲᠠᠢ ᠪᠦᠭᠡᠳ ᠬᠠᠮᠲᠤ ᠳᠤ ᠪᠠᠨ ᠬᠦᠷᠲᠡᠬᠦ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠪᠠ ᠵᠢᠷᠤᠮᠵᠢᠭᠤᠨ ᠢᠯᠡ ᠲᠣᠳᠣ ᠠᠵᠢᠯᠯᠠᠭᠠᠨ ᠤ ᠲᠣᠭᠲᠠᠴᠠ ᠶᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ᠂ ᠨᠡᠶᠢᠭᠡᠮ ᠨᠡᠶᠢᠲᠡ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠵᠡᠷᠭᠡ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠬᠤ ᠲᠣᠭᠲᠠᠯᠴᠠᠭ᠎ᠠ ᠶᠢ ᠵᠢᠭᠠᠵᠤ ᠪᠣᠶ᠃
ᠭᠤᠷᠪᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠢᠭᠡᠳᠦᠯᠲᠡᠢ ᠵᠢᠷᠤᠮᠵᠢᠭᠤᠨ᠂ ᠡᠷᠬᠡ ᠲᠡᠭᠰᠢ ᠲᠥᠪ ᠭᠤᠣᠯᠴᠢ᠂ ᠢᠯᠡ ᠲᠣᠳᠣ ᠪᠠᠶᠢᠯᠭᠠᠬᠤ᠂ ᠦᠢᠯᠡᠴᠢᠯᠡᠭᠡ ᠥᠨᠳᠥᠷ ᠪᠦᠲᠦᠮᠵᠢᠲᠡᠢ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠃
ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠳᠤᠮᠳᠠᠬᠢ ᠴᠢᠬᠤᠯᠠ ᠵᠦᠢᠯᠡᠰ ᠪᠠ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠵᠢᠯᠣᠭᠤᠳᠬᠤ ᠪᠠ ᠵᠣᠬᠢᠴᠠᠭᠤᠯᠬᠤ ᠬᠡᠷᠡᠭᠲᠡᠶ᠃
ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠳᠣᠷᠬᠠᠶᠢᠯᠠᠬᠤ ᠬᠡᠷᠡᠭᠲᠡᠶ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠦᠷᠢᠮ ᠪᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠨᠡᠶᠢᠳᠬᠡᠵᠦ ᠬᠠᠮᠲᠤ ᠳᠤ ᠪᠠᠨ ᠬᠦᠷᠲᠡᠬᠦ ᠶᠢ ᠵᠣᠬᠢᠴᠠᠭᠤᠯᠤᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠵᠤ ᠪᠠᠶᠢᠭᠠᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ ᠬᠠᠮᠢᠶᠠᠷᠴᠤ᠂ ᠲᠤᠰ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠬᠠᠮᠢᠶᠠᠷᠤᠨ᠎ᠠ᠃
ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠯᠦᠭᠡ ᠬᠠᠮᠲᠤᠷᠠᠨ ᠪᠦᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠲᠥᠯᠥᠪᠵᠢᠭᠦᠯᠦᠨ ᠵᠢᠯᠣᠭᠤᠳᠴᠤ᠂ ᠪᠦᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠠᠨ ᠢ ᠵᠢᠯᠣᠭᠤᠳᠤᠨ᠎ᠠ᠃
ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠵᠠᠰᠠᠭ ᠵᠠᠬᠢᠷᠭᠠᠨ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ᠂ ᠣᠶ ᠰᠢᠭᠤᠶ ᠪᠠ ᠨᠤᠲᠤᠭ ᠪᠡᠯᠴᠢᠭᠡᠷ᠂ ᠡᠮᠴᠢᠯᠡᠭᠡᠨ ᠤ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ᠂ ᠪᠠᠶᠢᠭᠤᠯᠤᠮᠵᠢ ᠨᠤᠭᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠠᠵᠢᠯ ᠲᠥᠷᠥᠯ᠂ ᠲᠣᠰ ᠰᠢᠰᠲ᠋ᠧᠮ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭᠠᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃
ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠲᠣᠳᠣᠷᠬᠠᠶ ᠦᠭᠡᠶ ᠪᠠᠶᠢᠪᠠᠯ᠂ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠡᠭᠦᠷᠭᠡ ᠬᠠᠷᠢᠭᠤᠴᠠᠯᠭ᠎ᠠ ᠡᠷᠬᠡ ᠮᠡᠳᠡᠯ ᠢᠶᠠᠨ ᠦᠨᠳᠦᠰᠦᠯᠡᠨ ᠭᠦᠢᠴᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠷᠢᠯᠴᠠᠨ ᠰᠠᠯᠭᠠᠬᠤ ᠵᠠᠷᠴᠢᠮ ᠶᠣᠰᠣᠭᠠᠷ ᠲᠣᠭᠲᠠᠭᠠᠨ᠎ᠠ᠃
ᠳᠣᠯᠣᠳᠤᠭᠠᠷ ᠵᠦᠢᠯ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠲᠤᠰ ᠱᠠᠲᠤᠨ ᠤ ᠪᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠠᠵᠢᠯᠯᠠᠭᠤᠯᠬᠤ ᠪᠠ ᠬᠠᠮᠠᠭᠠᠯᠠᠬᠤ ᠠᠵᠢᠯ ᠢ ᠬᠠᠷᠢᠭᠤᠴᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠦᠢᠯᠡᠴᠢᠯᠡᠭᠡᠨ ᠤ ᠳᠦᠷᠢᠮ ᠪᠠ ᠴᠤᠪᠤᠷᠠᠯ ᠢ ᠪᠠᠶᠢᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠦᠢᠯᠡᠴᠢᠯᠡᠭᠡᠨ ᠤ ᠪᠠᠷᠢᠮᠵᠢᠶ᠎ᠠ ᠳᠤ ᠨᠡᠶᠢᠴᠡᠭᠰᠡᠨ ᠠᠷᠠᠯᠵᠢᠶᠠᠨ ᠤ ᠲᠠᠯᠠᠪᠤᠷ ᠭᠠᠵᠠᠷ᠂ ᠠᠷᠠᠯᠵᠢᠶᠠᠨ ᠤ ᠪᠡᠯᠡᠳᠬᠡᠮᠵᠢ ᠵᠢᠴᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠯᠠᠪᠯᠠᠭ᠎ᠠ᠂ ᠲᠠᠯᠠᠪᠤᠷ ᠭᠠᠵᠠᠷ ᠤᠨ ᠬᠠᠮᠢᠶᠠᠷᠤᠯᠲᠠ᠂ ᠮᠡᠳᠡᠭᠡ ᠵᠠᠩᠭᠢ ᠨᠡᠶᠢᠲᠡᠯᠡᠬᠦ᠂ ᠲᠤᠰᠬᠠᠶ ᠮᠡᠷᠭᠡᠵᠢᠯᠲᠡᠨ ᠰᠤᠭᠤᠴᠢᠨ ᠠᠪᠬᠤ᠂ ᠠᠷᠠᠯᠵᠢᠶᠠᠨ ᠤ ᠭᠡᠷᠡᠴᠢᠯᠡᠭᠡ᠂ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠦᠢᠯᠡᠴᠢᠯᠡᠭᠡ ᠬᠠᠩᠭᠠᠨ᠎ᠠ᠃
ᠨᠠᠢᠮᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯ ᠲᠥᠷᠥᠯ ᠤᠨ ᠨᠡᠶᠢᠭᠡᠮᠯᠢᠭ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠵᠤ᠂ ᠥᠪᠡᠷ ᠢ ᠪᠠᠨ ᠱᠠᠭᠠᠷᠳᠠᠭᠰᠠᠨ ᠬᠠᠮᠢᠶᠠᠷᠤᠯᠲᠠ ᠪᠠ ᠦᠢᠯᠡᠴᠢᠯᠡᠭᠡ ᠪᠠᠨ ᠴᠢᠩᠭᠠᠳᠬᠠᠨ᠂ ᠪᠦᠷᠢᠯᠳᠦᠬᠦᠨ ᠨᠢᠭᠡᠴᠢ ᠶᠢ ᠬᠦᠲᠦᠯᠦᠨ ᠵᠢᠯᠣᠭᠤᠳᠴᠤ ᠪᠠᠶᠢᠭᠠᠳ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠵᠢᠯ ᠲᠥᠷᠥᠯ ᠤᠨ ᠵᠢᠷᠤᠮᠵᠢᠯ᠂ ᠠᠵᠢᠯ ᠮᠡᠷᠭᠡᠵᠢᠯ ᠤᠨ ᠶᠣᠰᠣ ᠰᠤᠷᠲᠠᠬᠤᠨ ᠢ ᠵᠢᠷᠤᠮᠯᠠᠭᠤᠯᠵᠤ᠂ ᠭᠤᠣᠯᠴᠢ ᠥᠷᠢᠰᠦᠯᠳᠦᠭᠡᠨ ᠪᠠ ᠦᠨᠡᠨᠴᠢ ᠢᠲᠡᠭᠡᠮᠵᠢᠲᠡᠶ ᠡᠵᠡᠩᠨᠡᠯᠲᠡ ᠶᠢ ᠠᠬᠢᠭᠤᠯᠬᠤ ᠬᠡᠷᠡᠭᠲᠡᠶ᠃
ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠡᠯ᠎ᠡ ᠲᠥᠷᠥᠯ ᠤᠨ ᠥᠮᠴᠢᠯᠡᠯ ᠤᠨ ᠳᠦᠷᠢᠮ ᠪᠠ ᠠᠳᠠᠯᠢ ᠪᠤᠰᠤ ᠭᠠᠵᠠᠷ ᠣᠷᠣᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠠᠤᠯᠢ ᠶᠣᠰᠣᠭᠠᠷ ᠡᠷᠬᠡ ᠲᠡᠭᠰᠢ ᠪᠠᠷ ᠬᠠᠨᠳᠣᠵᠣ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠳ ᠵᠦᠢ ᠵᠣᠬᠢᠰ ᠦᠭᠡᠶ ᠨᠥᠬᠦᠴᠡᠯ ᠪᠤᠶᠤ ᠪᠦᠲᠦᠭᠡᠭᠳᠡᠭᠦᠨ ᠤ ᠭᠠᠷᠤᠯᠲᠠ ᠶᠢᠨ ᠭᠠᠵᠠᠷ ᠢᠷᠡᠯᠲᠡ ᠵᠡᠷᠭᠡ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠳᠤ ᠣᠷᠣᠯᠴᠠᠬᠤ ᠶᠢ ᠬᠢᠵᠠᠭᠠᠷᠯᠠᠬᠤ ᠪᠤᠶᠤ ᠭᠠᠳᠠᠭᠤᠷᠴᠢᠯᠠᠵᠤ ᠪᠣᠯᠬᠤ ᠦᠭᠡᠶ᠂ ᠶᠠᠮᠠᠷᠪᠠ ᠠᠷᠭ᠎ᠠ ᠮᠠᠶ᠋ᠢᠭ ᠢᠶᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠬᠠᠤᠯᠢ ᠪᠤᠰᠤ ᠪᠠᠷ ᠭᠠᠷ ᠲᠥᠷᠥᠵᠦ ᠪᠣᠯᠬᠤ ᠦᠭᠡᠶ᠃
ᠬᠤᠶᠠᠳᠤᠭᠠᠷ ᠪᠦᠯᠦᠭ ᠠᠷᠠᠯᠵᠢᠶᠠᠨ ᠤ ᠭᠠᠷᠴᠠᠭ
ᠠᠷᠪᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠳᠤ ᠪᠦᠬᠦ ᠣᠷᠣᠨ ᠤ ᠨᠢᠭᠡᠳᠦᠯᠲᠡᠶ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ ᠵᠠᠷᠴᠢᠮ ᠶᠣᠰᠣᠭᠠᠷ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠲᠣᠬᠢᠷᠠᠭᠤᠯᠬᠤ ᠳᠤ ᠲᠣᠬᠢᠷᠠᠬᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠨᠢ ᠡᠭᠦᠨ ᠳᠤ ᠪᠠᠭᠲᠠᠬᠤ ᠦᠭᠡᠢ᠃
ᠠᠷᠪᠠᠨ ᠨᠢᠭᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠠᠷᠴᠠᠭ ᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠯᠦᠭᠡ ᠬᠠᠮᠲᠤᠷᠠᠨ ᠪᠥᠬᠦ ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠠᠷᠴᠠᠭ ᠤᠨ ᠵᠢᠭᠠᠯᠲᠠ ᠶᠢ ᠦᠨᠳᠦᠰᠦᠯᠡᠨ ᠲᠣᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠲᠤᠷᠠᠭᠰᠠᠨ ᠬᠤᠷᠠᠯᠳᠤᠭᠠᠨ ᠢᠶᠠᠷ ᠬᠢᠨᠠᠨ ᠲᠣᠭᠲᠠᠭᠠᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃
ᠠᠷᠪᠠᠨ ᠬᠤᠶᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠤᠭᠰᠠᠨ ᠲᠥᠷᠥᠯ ᠵᠦᠢᠯ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠤᠭᠤᠯᠵᠤ ᠠᠷᠠᠯᠵᠢᠶᠠᠯᠠᠬᠤ ᠬᠡᠷᠡᠭᠲᠡᠶ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠨᠢ ᠲᠤᠰ ᠠᠵᠢᠯ ᠲᠥᠷᠥᠯ᠂ ᠲᠤᠰ ᠰᠢᠰᠲ᠋ᠧᠮ ᠤᠨ ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠤᠭᠤᠯᠤᠭᠰᠠᠨ ᠲᠥᠷᠥᠯ ᠵᠦᠢᠯ ᠢ ᠠᠷᠠᠯᠵᠢᠶᠠᠨ ᠤ ᠲᠠᠪᠴᠠᠩ ᠳᠤ ᠣᠷᠤᠭᠤᠯᠤᠨ ᠠᠷᠠᠯᠵᠢᠶᠠᠯᠠᠬᠤ ᠶᠢ ᠰᠢᠮᠳᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃
ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠦᠭᠡᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠤᠭᠤᠯᠵᠤ ᠠᠷᠠᠯᠵᠢᠶᠠᠯᠠᠬᠤ ᠶᠢ ᠵᠣᠷᠢᠭᠵᠢᠭᠤᠯᠤᠨ᠎ᠠ᠃
ᠭᠤᠷᠪᠠᠳᠤᠭᠠᠷ ᠪᠦᠯᠦᠭ ᠠᠷᠠᠯᠵᠢᠶᠠᠨ ᠤ ᠲᠠᠪᠴᠠᠩ
ᠠᠷᠪᠠᠨ ᠭᠤᠷᠪᠠᠳᠤᠭᠠᠷ ᠵᠦᠢᠯ ᠪᠦᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠨᠢᠭᠡ ᠰᠦᠯᠵᠢᠶ᠎ᠡ ᠪᠠᠷ ᠠᠷᠠᠯᠵᠢᠶᠠᠯᠠᠬᠤ ᠶᠢ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠨᠢᠭᠡ ᠰᠦᠯᠵᠢᠶ᠎ᠡ ᠪᠠᠷ ᠠᠷᠠᠯᠵᠢᠶᠠᠯᠠᠬᠤ ᠰᠦᠯᠵᠢᠶᠡᠨ ᠥᠷᠲᠡᠭᠡ ᠪᠠ ᠶᠡᠷᠦᠩᠬᠡᠶᠢᠯᠡᠭᠰᠡᠨ ᠦᠢᠯᠡᠴᠢᠯᠡᠭᠡ᠂ ᠶᠡᠷᠦᠩᠬᠡᠶᠢᠯᠡᠭᠰᠡᠨ ᠠᠷᠠᠯᠵᠢᠶ᠎ᠠ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠵᠡᠷᠭᠡ ᠴᠢᠳᠠᠮᠵᠢ ᠶᠢ ᠡᠭᠦᠷᠭᠡᠯᠡᠵᠦ᠂ ᠪᠥᠬᠦ ᠣᠷᠣᠨ ᠤ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠡᠬᠢ ᠪᠠᠶᠠᠯᠢᠭ ᠢ ᠨᠡᠶᠢᠳᠬᠡᠨ ᠬᠠᠮᠲᠤ ᠳᠤ ᠪᠠᠨ ᠬᠦᠷᠲᠡᠵᠦ᠂ ᠭᠤᠯᠳᠤ ᠪᠠᠷ ᠤᠯᠤᠰ᠂ ᠠᠶᠢᠮᠠᠭ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠨᠡᠪᠲᠡᠷᠡᠭᠦᠯᠵᠦ᠂ ᠬᠦᠨᠳᠡᠯᠡᠨ ᠢᠶᠠᠷ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠠᠬᠢ ᠬᠢᠨᠠᠨ ᠵᠥᠪᠰᠢᠶᠡᠷᠡᠯ ᠬᠢᠨᠠᠯᠲᠠ ᠬᠠᠮᠢᠶᠠᠷᠤᠯᠲᠠ ᠶᠢᠨ ᠲᠠᠪᠴᠠᠩ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠲᠠᠪᠴᠠᠩ ᠢ ᠵᠣᠯᠭᠠᠭᠤᠯᠵᠤ᠂ ᠠᠷᠠᠯᠵᠢᠶᠠᠨ ᠤ ᠮᠡᠳᠡᠭᠡ ᠵᠠᠩᠭᠢ᠂ ᠢᠲᠡᠭᠡᠮᠵᠢ ᠶᠢᠨ ᠮᠡᠳᠡᠭᠡ ᠵᠠᠩᠭᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠮᠡᠳᠡᠭᠡ ᠵᠠᠩᠭᠢ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠶᠢ ᠭᠦᠢᠴᠡᠳ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃
ᠠᠷᠪᠠᠨ ᠳᠥᠷᠪᠡᠳᠦᠭᠡᠷ ᠵᠦᠢᠯ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠦᠢᠯᠡᠴᠢᠯᠡᠭᠡᠨ ᠤ ᠬᠠᠮᠢᠶᠠᠷᠤᠯᠲᠠ᠂ ᠮᠡᠳᠡᠭᠡ ᠵᠠᠩᠭᠢ ᠶᠢᠨ ᠠᠮᠤᠷ ᠲᠦᠪᠰᠢᠨ᠂ ᠳ᠋ᠠᠶᠢᠲ᠋ᠠ ᠶᠢᠨ ᠬᠠᠮᠠᠭᠠᠯᠠᠯᠲᠠ᠂ ᠮᠡᠳᠡᠭᠡ ᠵᠠᠩᠭᠢ ᠨᠡᠶᠢᠲᠡᠯᠡᠬᠦ᠂ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠮᠡᠷᠭᠡᠵᠢᠯ ᠤᠨ ᠠᠷᠭ᠎ᠠ ᠪᠠᠷᠢᠯ ᠪᠠ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠲᠠᠪᠴᠠᠩ ᠢ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠪᠠ ᠬᠤᠯᠪᠣᠭᠳᠠᠯ ᠪᠦᠬᠦᠢ ᠪᠠᠶᠢᠴᠠᠭᠠᠨ ᠰᠢᠨᠵᠢᠵᠦ ᠦᠨᠡᠮᠰᠢᠬᠦ ᠱᠠᠭᠠᠷᠳᠠᠯᠭ᠎ᠠ ᠳᠤ ᠨᠠᠶᠢᠴᠡᠭᠦᠯᠭᠦ ᠶᠢ ᠪᠠᠲᠤᠯᠠᠵᠤ᠂ ᠲᠠᠪᠴᠠᠩ ᠤᠨ ᠠᠮᠤᠷ ᠲᠣᠭᠲᠠᠭᠤᠨ ᠠᠵᠢᠯᠯᠠᠬᠤ ᠶᠢ ᠦᠨᠡᠨ ᠬᠦ ᠪᠠᠳᠣᠯᠠᠬᠤ ᠬᠡᠷᠩᠲᠠᠢ᠃
ᠠᠷᠪᠠᠨ ᠲᠠᠪᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠰᠢᠰᠲ᠋ᠧᠮ ᠢ ᠨᠡᠭᠡᠭᠡᠨ ᠭᠦᠭᠵᠢᠭᠦᠯᠭᠦ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳ᠋ᠠᠶᠢᠲ᠋ᠠ ᠶᠢᠨ ᠵᠠᠯᠭᠠᠭᠤᠷ ᠢ ᠴᠢᠯᠦᠭᠡᠲᠡᠢ ᠪᠣᠯᠭᠠᠬᠤ᠂ ᠵᠠᠯᠭᠠᠭᠤᠷ ᠢ ᠨᠡᠶᠢᠲᠡᠯᠡᠬᠦ ᠱᠠᠭᠠᠷᠳᠠᠯᠭ᠎ᠠ ᠪᠠᠷ᠂ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠲᠠᠪᠴᠠᠩ᠂ ᠰᠢᠰᠲ᠋ᠧᠮ ᠢ ᠵᠠᠯᠭᠠᠭᠤᠯᠬᠤ ᠶᠢ ᠬᠢᠵᠠᠭᠠᠷᠯᠠᠬᠤ ᠪᠤᠶᠤ ᠭᠠᠳᠠᠭᠤᠷᠴᠢᠯᠠᠵᠤ ᠪᠣᠯᠬᠤ ᠦᠭᠡᠶ᠃
ᠳᠥᠷᠪᠡᠳᠦᠭᠡᠷ ᠪᠦᠯᠦᠭ ᠪᠦᠬᠦ ᠴᠤᠪᠤᠷᠠᠯ ᠤᠨ ᠡᠯᠧᠺᠲᠷᠣᠨᠴᠢᠯᠠᠭᠰᠠᠨ ᠠᠷᠠᠯᠵᠢᠶ᠎ᠠ
ᠠᠷᠪᠠᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠤᠭᠰᠠᠨ ᠲᠥᠷᠥᠯ ᠵᠦᠢᠯ ᠳᠤ ᠪᠦᠬᠦ ᠴᠤᠪᠤᠷᠠᠯ ᠤᠨ ᠡᠯᠧᠺᠲᠷᠣᠨᠴᠢᠯᠠᠭᠰᠠᠨ ᠠᠷᠠᠯᠵᠢᠶ᠎ᠠ ᠶᠢ ᠬᠡᠷᠡᠭᠵᠢᠭᠦᠯᠦᠨ᠎ᠡ᠃
ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠪᠥᠬᠦ ᠴᠤᠪᠤᠷᠠᠯ ᠤᠨ ᠡᠯᠧᠺᠲᠷᠣᠨᠴᠢᠯᠠᠭᠰᠠᠨ ᠠᠷᠠᠯᠵᠢᠶ᠎ᠠ ᠳᠤ ᠴᠢᠬᠤᠯᠠ ᠪᠥᠬᠦᠶ ᠲᠠᠯᠠᠪᠤᠷ ᠭᠠᠵᠠᠷ ᠪᠠ ᠪᠡᠯᠡᠳᠬᠡᠮᠵᠢ ᠲᠥᠬᠦᠭᠡᠷᠦᠮᠵᠢ ᠬᠠᠩᠭᠠᠵᠤ᠂ ᠲᠥᠷᠥᠯ ᠵᠦᠢᠯ ᠢ ᠭᠥᠯᠢᠶᠡᠨ ᠠᠪᠴᠤ ᠰᠢᠢᠳᠪᠦᠷᠢᠯᠡᠬᠦ᠂ ᠲᠠᠯᠠᠪᠤᠷ ᠭᠠᠵᠠᠷ ᠪᠣᠯᠵᠣᠬᠤ᠂ ᠮᠡᠳᠡᠭᠡ ᠵᠠᠩᠭᠢ ᠨᠡᠶᠢᠲᠡᠯᠡᠬᠦ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠢᠨᠠᠨ ᠦᠨᠡᠯᠡᠬᠦ᠂ ᠵᠠᠷᠯᠠᠨ ᠨᠡᠶᠢᠲᠡᠯᠡᠬᠦ᠂ ᠭᠡᠷ᠎ᠡ ᠲᠣᠭᠲᠠᠬᠤ᠂ ᠲᠠᠩᠰᠠ ᠡᠪᠬᠡᠮᠡᠯ ᠬᠠᠮᠢᠶᠠᠷᠬᠤ ᠵᠡᠷᠭᠡ ᠭᠤᠭᠴᠤᠭ᠎ᠠ ᠳᠤ ᠪᠥᠬᠦ ᠴᠤᠪᠤᠷᠠᠯ ᠤᠨ ᠡᠯᠧᠺᠲᠷᠣᠨᠴᠢᠯᠠᠭᠰᠠᠨ ᠦᠢᠯᠡᠴᠢᠯᠡᠭᠡ ᠬᠠᠩᠭᠠᠨ᠎ᠠ᠃
ᠠᠷᠪᠠᠨ ᠳᠣᠯᠣᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠳ᠋ᠢᠭᠢᠲ ᠦᠨᠡᠮᠯᠡᠯ᠂ ᠡᠯᠧᠺᠲᠷᠣᠨ ᠭᠡᠷᠡᠴᠢ ᠦᠨᠡᠮᠯᠡᠯ ᠵᠡᠷᠭᠡ ᠠᠷᠭ᠎ᠠ ᠮᠠᠶ᠋ᠢᠭ ᠢᠶᠠᠷ᠂ ᠲᠥᠷᠥᠯ ᠵᠦᠢᠯ ᠡᠭᠦᠰᠬᠡᠭᠴᠢ᠂ ᠲᠥᠷᠥᠯ ᠵᠦᠢᠯ ᠳᠠᠭᠠᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠳᠤ ᠨᠢᠭᠡᠳᠦᠯᠲᠡᠶ ᠪᠡᠶ᠎ᠡ ᠬᠡᠮ ᠤᠨ ᠳ᠋ᠢᠭᠢᠲ ᠭᠡᠷᠡᠴᠢᠯᠡᠭᠡ ᠶᠢ ᠬᠡᠷᠡᠭᠵᠢᠭᠦᠯᠵᠦ᠂ ᠳ᠋ᠢᠭᠢᠲ ᠦᠨᠡᠮᠯᠡᠯ᠂ ᠡᠯᠧᠺᠲᠷᠣᠨ ᠭᠡᠷᠡᠴᠢ ᠦᠨᠡᠮᠯᠡᠯ ᠵᠡᠷᠭᠡ ᠶᠢ ᠲᠠᠪᠴᠠᠩ ᠠᠯᠤᠰᠯᠠᠨ᠂ ᠰᠠᠯᠠᠭ᠎ᠠ ᠮᠥᠴᠢᠷ ᠠᠯᠤᠰᠯᠠᠨ᠂ ᠣᠷᠣᠨ ᠪᠦᠰᠡ ᠠᠯᠤᠰᠯᠠᠨ ᠵᠣᠬᠢᠴᠠᠭᠤᠯᠣᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃
ᠠᠷᠪᠠᠨ ᠨᠠᠢᠮᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠲᠥᠷᠥᠯ ᠵᠦᠢᠯ ᠤᠨ ᠳᠠᠩᠰᠠᠯᠠᠨ ᠲᠡᠮᠳᠡᠭᠯᠡᠬᠦ ᠶᠢ ᠰᠦᠯᠵᠢᠶ᠎ᠡ ᠪᠠᠷ ᠬᠦᠯᠢᠶᠡᠨ ᠠᠪᠴᠤ ᠰᠢᠢᠳᠪᠦᠷᠢᠯᠡᠨ᠂ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃
ᠲᠥᠷᠥᠯ ᠵᠦᠢᠯ ᠡᠭᠦᠰᠭᠡᠭᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠲᠥᠷᠥᠯ ᠵᠦᠢᠯ ᠳᠠᠩᠰᠠᠯᠠᠨ ᠲᠡᠮᠳᠡᠭᠯᠡᠬᠦ᠂ ᠲᠠᠯᠠᠪᠤᠷ ᠭᠠᠵᠠᠷ ᠪᠣᠯᠵᠣᠬᠤ᠂ ᠠᠷᠠᠯᠵᠢᠶᠠᠨ ᠤ ᠮᠡᠳᠡᠭᠡ ᠵᠠᠩᠭᠢ ᠨᠡᠶᠢᠲᠡᠯᠡᠬᠦ ᠵᠡᠷᠭᠡ ᠶᠢ ᠪᠡᠶᠡᠯᠡᠭᠦᠯᠦᠨ᠎ᠡ᠃
ᠠᠷᠪᠠ ᠶᠢᠰᠦᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠰᠦᠯᠵᠢᠶᠡᠨ ᠳᠤ ᠨᠡᠶᠢᠲᠡᠯᠡᠬᠦ ᠬᠡᠷᠡᠭᠲᠡᠶ᠃ ᠲᠥᠷᠥᠯ ᠵᠦᠢᠯ ᠡᠭᠦᠰᠬᠡᠭᠴᠢ ᠨᠢ ᠠᠷᠠᠯᠵᠢᠶᠠᠨ ᠤ ᠠᠯᠪᠠᠨ ᠵᠠᠷ᠂ ᠠᠷᠠᠯᠵᠢᠶᠠᠨ ᠤ ᠪᠢᠴᠢᠭ ᠮᠠᠲ᠋ᠧᠷᠢᠶᠠᠯ᠂ ᠠᠷᠠᠯᠵᠢᠶᠠᠨ ᠤ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠳᠤ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠪᠥᠭᠡᠳ ᠬᠠᠮᠢᠶ᠎ᠠ ᠪᠦᠬᠦᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠪᠠ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠶ᠃ ᠲᠥᠷᠥᠯ ᠵᠦᠢᠯ ᠡᠭᠦᠰᠬᠡᠭᠴᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠤᠰᠤᠳ ᠵᠠᠭᠤᠴᠢᠯᠠᠭᠤᠷ ᠲᠤ ᠨᠡᠶᠢᠲᠡᠯᠡᠭᠰᠡᠨ ᠠᠷᠠᠯᠵᠢᠶᠠᠨ ᠤ ᠮᠡᠳᠡᠭᠡ ᠵᠠᠩᠭᠢ ᠪᠠᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠦᠯᠵᠢᠶᠡᠨ ᠳᠤ ᠨᠡᠶᠢᠲᠡᠯᠡᠭᠰᠡᠨ ᠮᠡᠳᠡᠭᠡ ᠵᠠᠩᠭᠢ ᠯᠤᠭ᠎ᠠ ᠨᠢᠭᠡᠳᠦᠯᠲᠡᠶ ᠪᠠᠶᠢᠯᠭᠠᠬᠤ ᠬᠡᠷᠡᠭᠲᠡᠶ᠃
ᠬᠤᠷᠢᠳᠤᠭᠠᠷ ᠵᠦᠢᠯ ᠲᠥᠷᠥᠯ ᠵᠦᠢᠯ ᠳᠠᠭᠠᠭᠴᠢ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠭᠠᠯᠲᠠ ᠶᠢᠨ ᠲᠠᠰ ᠳᠠᠷᠠᠭᠠᠯᠠᠯ ᠢ ᠭᠦᠢᠴᠡᠳᠭᠡᠬᠦ ᠶᠢᠨ ᠬᠠᠮᠲᠤ ᠳᠠᠭᠠᠯᠲᠠ ᠶᠢᠨ ᠪᠢᠴᠢᠭ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠪᠠ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠶ᠃ ᠳᠠᠭᠠᠯᠲᠠ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠨᠢᠭᠤᠴᠠᠯᠠᠬᠤ᠂ ᠭᠠᠷᠳᠠᠭᠤᠯᠬᠤ᠂ ᠳᠠᠮᠵᠢᠭᠤᠯᠬᠤ᠂ ᠭᠥᠯᠢᠶᠡᠨ ᠠᠪᠬᠤ᠂ ᠨᠤᠲᠠᠯᠠᠬᠤ ᠵᠡᠷᠭᠡ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃
ᠬᠤᠷᠢᠨ ᠨᠢᠭᠡᠳᠦᠭᠡᠷ ᠵᠦᠢᠯ ᠲᠥᠷᠥᠯ ᠵᠦᠢᠯ ᠡᠭᠦᠰᠬᠡᠭᠴᠢ ᠨᠢ ᠲᠥᠷᠥᠯ ᠵᠦᠢᠯ ᠳᠠᠭᠠᠭᠴᠢ ᠶᠢ ᠪᠠᠲᠤᠯᠠᠭ᠎ᠠ ᠶᠢᠨ ᠮᠥᠩᠭᠦ ᠲᠤᠰᠢᠶᠠᠬᠤ ᠪᠠᠷ ᠱᠠᠭᠠᠷᠳᠠᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠬᠤᠷᠢᠨ ᠬᠤᠶᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠥᠷᠥᠯ ᠵᠦᠢᠯ ᠢ ᠠᠷᠠᠯᠵᠢᠶᠠᠨ ᠤ ᠪᠢᠴᠢᠭ ᠮᠠᠲ᠋ᠧᠷᠢᠶᠠᠯ ᠳᠤ ᠲᠣᠭᠲᠠᠭᠰᠠᠨ ᠴᠠᠭ ᠶᠣᠰᠣᠭᠠᠷ ᠰᠦᠯᠵᠢᠶᠡᠨ ᠳᠤ ᠳᠠᠭᠠᠭᠠᠴᠢᠯᠠᠯᠲᠠ ᠨᠡᠶᠢᠲᠡᠯᠡᠬᠦ ᠬᠡᠷᠡᠭᠲᠡᠶ᠂ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠵᠡᠷᠭᠡ ᠣᠨᠴᠠᠭᠠᠶ ᠱᠠᠭᠠᠷᠳᠠᠯᠭ᠎ᠠ ᠳᠤ ᠬᠤᠯᠪᠣᠭᠳᠠᠪᠠᠯ ᠡᠭᠦᠨ ᠳᠤ ᠪᠠᠭᠲᠠᠬᠤ ᠥᠬᠡᠶ᠃
ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠦᠬᠦ ᠣᠷᠣᠨ ᠤ ᠨᠢᠭᠡᠳᠦᠯᠲᠡᠶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠬᠤ ᠬᠡᠷᠡᠭᠲᠡᠶ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠨᠢ ᠳᠠᠭᠠᠭᠠᠴᠢᠯᠠᠯᠲᠠ ᠬᠢᠨᠠᠨ ᠦᠨᠡᠯᠡᠬᠦ ᠴᠢᠬᠤᠯᠠᠲᠠᠢ ᠪᠣᠯ᠂ ᠲᠥᠷᠥᠯ ᠵᠦᠢᠯ ᠡᠭᠦᠰᠬᠡᠭᠴᠢ ᠠᠴᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠲᠤᠰᠬᠠᠢ ᠮᠡᠷᠭᠡᠵᠢᠯᠲᠡᠨ ᠢ ᠲᠠᠰᠢᠷᠠᠮ ᠢᠶᠠᠷ ᠰᠣᠩᠭᠤᠨ᠂ ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠪᠤᠶᠤ ᠬᠢᠨᠠᠨ ᠦᠨᠡᠯᠡᠬᠦ ᠳᠤᠭᠤᠶᠢᠯᠠᠩ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ ᠳᠠᠭᠠᠭᠠᠴᠢᠯᠠᠯᠲᠠ ᠬᠢᠨᠠᠨ ᠦᠨᠡᠯᠡᠬᠦ ᠲᠥᠷᠥᠯ ᠵᠦᠢᠯ ᠨᠢ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠶᠢᠭᠤᠯᠤᠭᠰᠠᠨ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠲᠤᠰᠬᠠᠶ ᠮᠡᠷᠭᠡᠵᠢᠯᠲᠡᠨ ᠰᠣᠩᠭᠤᠬᠤ ᠪᠤᠶᠤ ᠮᠡᠷᠭᠡᠵᠢᠯ ᠨᠢ ᠪᠤᠳᠤᠯᠢᠶᠠᠨᠲᠠᠶ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠵᠡᠷᠭᠡ ᠪᠠᠶᠢᠳᠠᠯ ᠠᠴᠠ ᠪᠣᠯᠵᠤ ᠲᠠᠰᠢᠷᠠᠮ ᠢᠶᠠᠷ ᠰᠣᠩᠭᠤᠬᠤ ᠬᠡᠯᠪᠡᠷᠢ ᠪᠠᠷ ᠲᠤᠰᠬᠠᠶ ᠮᠡᠷᠭᠡᠵᠢᠯᠲᠡᠨ ᠲᠣᠭᠲᠠᠭᠠᠬᠤ ᠳᠤ ᠲᠣᠬᠢᠷᠠᠬᠤ ᠦᠭᠡᠢ ᠪᠠᠶᠢᠪᠡᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠬᠤᠷᠢᠨ ᠳᠥᠷᠪᠡᠳᠦᠭᠡᠷ ᠵᠦᠢᠯ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠲᠣᠭᠲᠠᠭᠠᠭᠰᠠᠨ ᠬᠢᠨᠠᠨ ᠦᠨᠡᠯᠡᠬᠦ ᠪᠠᠷᠢᠮᠵᠢᠶ᠎ᠠ᠂ ᠠᠷᠭ᠎ᠠ ᠪᠠ ᠳᠡᠰ ᠳᠠᠷᠠᠭᠠᠯᠠᠯ ᠶᠣᠰᠣᠭᠠᠷ᠂ ᠳᠠᠭᠠᠭᠠᠴᠢᠯᠠᠯᠲᠠ ᠬᠢᠨᠠᠨ ᠦᠨᠡᠯᠡᠭᠦ ᠰᠠᠨᠠᠯ ᠢᠶᠠᠨ ᠪᠤᠰᠤᠳᠴᠢ ᠪᠠᠷ᠂ ᠭᠤᠤᠯᠴᠢ ᠪᠠᠷ᠂ ᠲᠤᠰᠠᠭᠠᠷ ᠳᠤᠷᠠᠳᠴᠤ᠂ ᠳᠤᠷᠠᠳᠤᠭᠰᠠᠨ ᠳᠠᠭᠠᠭᠠᠴᠢᠯᠠᠯᠲᠠ ᠬᠢᠨᠠᠨ ᠦᠨᠡᠯᠡᠭᠰᠡᠨ ᠰᠠᠨᠠᠯ ᠳᠤ ᠪᠠᠨ ᠬᠠᠤᠯᠢ ᠶᠣᠰᠣᠭᠠᠷ ᠬᠠᠷᠢᠭᠤᠴᠠᠯᠭ᠎ᠠ ᠡᠭᠦᠷᠬᠡᠯᠡᠭᠦ ᠬᠡᠷᠡᠭᠲᠡᠢ᠃
ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠪᠤᠶᠤ ᠬᠢᠨᠠᠨ ᠦᠨᠡᠯᠡᠬᠦ ᠳᠤᠭᠤᠶᠢᠯᠠᠩ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠲᠥᠷᠥᠯ ᠵᠦᠢᠯ ᠡᠭᠦᠰᠬᠡᠭᠴᠢ ᠳᠤ ᠳᠠᠭᠠᠭᠠᠴᠢᠯᠠᠯᠲᠠ ᠬᠢᠨᠠᠨ ᠦᠨᠡᠯᠡᠭᠰᠡᠨ ᠮᠡᠳᠡᠭᠦᠯᠦᠯᠲᠡ ᠪᠠᠨ ᠳᠡᠪᠰᠢᠭᠦᠯᠵᠦ᠂ ᠳᠠᠭᠠᠭᠠᠴᠢᠯᠠᠯᠲᠠ ᠣᠯᠬᠤ ᠵᠢᠱᠢᠭᠳᠡᠭᠰᠡᠳ᠂ ᠠᠷᠠᠯᠵᠢᠶ᠎ᠠ ᠪᠦᠲᠦᠭᠰᠡᠨ ᠵᠢᠱᠢᠭᠳᠡᠭᠰᠡᠳ ᠤᠨ ᠨᠡᠷᠡᠰ ᠢ ᠲᠠᠨᠢᠯᠴᠠᠭᠤᠯᠬᠤ ᠪᠤᠶᠤ ᠲᠥᠷᠥᠯ ᠵᠦᠢᠯ ᠡᠭᠦᠰᠬᠡᠭᠴᠢ ᠶᠢᠨ ᠨᠠᠶᠢᠳᠠᠯᠭ᠎ᠠ ᠪᠠᠷ ᠳᠠᠭᠠᠭᠠᠴᠢᠯᠠᠯᠲᠠ ᠣᠯᠤᠭᠴᠢ᠂ ᠠᠷᠠᠯᠵᠢᠶ᠎ᠠ ᠪᠦᠲᠦᠭᠰᠡᠨ ᠬᠥᠮᠦᠨ ᠢ ᠲᠣᠭᠲᠠᠭᠠᠨ᠎ᠠ᠃
ᠠᠯᠤᠰ ᠠᠴᠠ ᠣᠨᠳᠣᠣ ᠭᠠᠵᠠᠷ ᠠᠴᠠ ᠳᠠᠭᠠᠭᠠᠴᠢᠯᠠᠯᠲᠠ ᠬᠢᠨᠠᠨ ᠦᠨᠡᠯᠡᠬᠦ ᠶᠢ ᠳᠡᠯᠭᠡᠷᠡᠭᠦᠯᠵᠦ᠂ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠢ ᠬᠠᠮᠲᠤ ᠳᠤ ᠪᠠᠨ ᠬᠦᠷᠲᠡᠨ᠎ᠡ᠃
ᠬᠤᠷᠢᠨ ᠲᠠᠪᠤᠳᠤᠭᠠᠷ ᠵᠦᠢᠯ ᠲᠥᠷᠥᠯ ᠵᠦᠢᠯ ᠡᠭᠦᠰᠬᠡᠭᠴᠢ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠠᠷᠠᠯᠵᠢᠶᠠᠨ ᠤ ᠦᠷ᠎ᠡ ᠳ᠋ᠦᠩ ᠢ ᠨᠤᠲᠠᠯᠠᠬᠤ ᠶᠢᠨ ᠬᠠᠮᠲᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠠᠷᠠᠯᠵᠢᠶᠠᠨ ᠤ ᠦᠷ᠎ᠡ ᠳ᠋ᠦᠩ ᠢ ᠵᠠᠷᠯᠠᠨ ᠨᠡᠶᠢᠲᠡᠯᠡᠬᠦ ᠬᠡᠷᠡᠭᠲᠡᠢ᠃
ᠬᠤᠷᠢᠨ ᠵᠢᠷᠭᠤᠳᠤᠭᠠᠷ ᠵᠦᠢᠯ ᠲᠥᠷᠥᠯ ᠵᠦᠢᠯ ᠡᠭᠦᠰᠬᠡᠭᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠳᠠᠭᠠᠭᠠᠴᠢᠯᠠᠯᠲᠠ ᠣᠯᠤᠭᠴᠢ᠂ ᠠᠷᠠᠯᠵᠢᠶ᠎ᠠ ᠪᠦᠲᠦᠭᠰᠡᠨ ᠬᠦᠮᠦᠨ ᠯᠦᠭᠡ ᠭᠡᠷ᠎ᠡ ᠲᠣᠭᠲᠠᠨ᠎ᠠ᠃ ᠲᠥᠷᠥᠯ ᠵᠦᠢᠯ ᠡᠭᠦᠰᠭᠡᠭᠴᠢ ᠨᠢ ᠳᠠᠭᠠᠭᠠᠴᠢᠯᠠᠯᠲᠠ ᠣᠯᠤᠭᠴᠢ᠂ ᠠᠷᠠᠯᠵᠢᠶ᠎ᠠ ᠪᠦᠲᠦᠭᠰᠡᠨ ᠬᠦᠮᠦᠨ ᠵᠡᠷᠭᠡ ᠬᠠᠮᠢᠶ᠎ᠠ ᠪᠦᠬᠦᠢ ᠭᠤᠤᠯ ᠴᠣᠭᠴᠠ ᠯᠤᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠳᠠᠭᠠᠭᠠᠴᠢᠯᠠᠯᠲᠠ ᠣᠯᠤᠭᠰᠠᠨ ᠭᠡᠷ᠎ᠡ᠂ ᠠᠷᠠᠯᠵᠢᠶ᠎ᠠ ᠪᠦᠲᠦᠭᠰᠡᠨ ᠭᠡᠷ᠎ᠡ ᠶᠢ ᠭᠦᠢᠴᠡᠳᠬᠡᠭᠰᠡᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠭᠠᠷᠳᠠᠭᠤᠯᠬᠤ ᠪᠠ ᠨᠡᠶᠢᠲᠡᠯᠡᠬᠦ ᠶᠢ ᠵᠣᠷᠢᠭᠵᠢᠭᠤᠯᠤᠨ᠎ᠠ᠃
ᠬᠤᠷᠢᠨ ᠳᠣᠯᠣᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠦᠬᠦ ᠶᠠᠪᠤᠴᠠ ᠶᠢ ᠲᠤᠬᠠᠶ ᠶᠢᠨ ᠴᠠᠭ ᠲᠤ ᠨᠢ ᠭᠡᠷᠡᠴᠢᠯᠡᠵᠦ᠂ ᠲᠥᠷᠥᠯ ᠵᠦᠢᠯ ᠡᠭᠦᠰᠬᠡᠭᠴᠢ᠂ ᠲᠥᠷᠥᠯ ᠵᠦᠢᠯ ᠳᠠᠭᠠᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠲᠤᠰᠬᠠᠶ ᠮᠡᠷᠭᠡᠵᠢᠯᠲᠡᠨ ᠵᠡᠷᠭᠡ ᠭᠤᠤᠯ ᠴᠣᠭᠴᠠ ᠶᠢᠨ ᠮᠡᠳᠡᠭᠡ ᠵᠠᠩᠭᠢ ᠪᠠ ᠠᠷᠠᠯᠵᠢᠶᠠᠨ ᠤ ᠮᠡᠳᠡᠭᠡ ᠵᠠᠩᠭᠢ ᠶᠢ ᠪᠦᠬᠦ ᠲᠠᠯ᠎ᠠ ᠪᠠᠷ ᠲᠡᠮᠳᠡᠭᠯᠡᠵᠦ᠂ ᠠᠷᠠᠯᠵᠢᠶᠠᠨ ᠤ ᠶᠠᠪᠤᠴᠠ ᠶᠢ ᠮᠦᠷᠳᠡᠨ ᠪᠠᠶᠢᠴᠠᠭᠠᠵᠤ ᠪᠣᠯᠬᠤ ᠶᠢ ᠦᠨᠡᠨ ᠬᠦ ᠪᠠᠲᠤᠯᠠᠨ᠎ᠠ᠃
ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠥᠪ ᠪᠠ ᠲᠥᠷᠥᠯ ᠵᠦᠢᠯ ᠡᠭᠦᠰᠬᠡᠭᠴᠢ ᠪᠥᠬᠦ ᠣᠷᠣᠨ ᠤ ᠨᠢᠭᠡᠳᠦᠯᠲᠡᠶ ᠡᠯᠧᠺᠲᠷᠣᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠪᠥᠬᠦ ᠶᠠᠪᠤᠴᠠ ᠳᠤ ᠪᠣᠶ ᠪᠣᠯᠤᠭᠰᠠᠨ ᠡᠯᠧᠺᠲᠷᠣᠨ ᠪᠢᠴᠢᠭ ᠮᠠᠲ᠋ᠧᠷᠢᠶᠠᠯ᠂ ᠤᠭ ᠳ᠋ᠠᠶᠢᠲ᠋ᠠ᠂ ᠳᠠᠭᠤ ᠸᠢᠳᠢᠣ᠋ ᠵᠡᠷᠭᠡ ᠶᠢ ᠲᠥᠷᠥᠯ ᠬᠤᠪᠢᠶᠠᠨ ᠡᠮᠬᠢᠯᠡᠵᠦ᠂ ᠲᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠨ᠎ᠠ᠃
ᠬᠤᠷᠢ ᠶᠢᠰᠦᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠰᠦᠯᠵᠢᠶ᠎ᠡ ᠪᠠᠷ ᠣᠨᠳᠣᠤ ᠰᠠᠨᠠᠯ᠂ ᠰᠡᠵᠢᠭᠯᠡᠯ ᠳᠤᠷᠠᠳᠬᠤ ᠪᠠ ᠰᠦᠯᠵᠢᠶ᠎ᠡ ᠪᠠᠷ ᠵᠠᠭᠠᠯᠳᠤᠬᠤ ᠶᠢ ᠳᠡᠮᠵᠢᠨ᠎ᠡ᠃ ᠲᠥᠷᠥᠯ ᠵᠦᠢᠯ ᠳᠠᠭᠠᠭᠴᠢ ᠵᠢᠴᠢ ᠪᠤᠰᠤᠳ ᠠᠰᠢᠭ ᠬᠤᠣᠷ ᠤᠨ ᠬᠠᠷᠢᠴᠠᠭᠠᠲᠤ ᠬᠥᠮᠦᠨ ᠠᠷᠠᠯᠵᠢᠶᠠᠨ ᠤ ᠪᠢᠴᠢᠭ ᠮᠠᠲ᠋ᠧᠷᠢᠶᠠᠯ᠂ ᠠᠷᠠᠯᠵᠢᠶᠠᠨ ᠤ ᠶᠠᠪᠤᠴᠠ᠂ ᠠᠷᠠᠯᠵᠢᠶᠠᠨ ᠤ ᠦᠷ᠎ᠡ ᠳ᠋ᠦᠩ ᠳᠤ ᠣᠨᠳᠣᠤ ᠰᠠᠨᠠᠯ᠂ ᠰᠡᠵᠢᠭᠯᠡᠯ ᠲᠠᠢ ᠪᠠᠶᠢᠪᠠᠯ᠂ ᠲᠠᠪᠴᠠᠩ ᠢᠶᠠᠷ ᠳᠠᠮᠵᠢᠭᠤᠯᠤᠨ ᠲᠥᠷᠥᠯ ᠵᠦᠢᠯ ᠡᠭᠦᠰᠬᠡᠭᠴᠢ ᠳᠤ ᠳᠤᠷᠠᠳᠴᠤ ᠪᠣᠯᠤᠨ᠎ᠠ︔ ᠠᠷᠠᠯᠵᠢᠶᠠᠨ ᠤ ᠠᠵᠢᠯᠯᠠᠭ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠬᠦ ᠦᠭᠡᠢ ᠭᠡᠵᠦ ᠦᠵᠡᠪᠡᠯ᠂ ᠲᠠᠪᠴᠠᠩ ᠢᠶᠠᠷ ᠳᠠᠮᠵᠢᠭᠤᠯᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠲᠤ ᠵᠠᠭᠠᠯᠳᠤᠵᠤ ᠪᠣᠯᠤᠨ᠎ᠠ᠃
ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠨᠢ ᠵᠠᠭᠠᠯᠳᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠬᠠᠷᠢᠭᠤᠯᠲᠠ ᠥᠭᠬᠦ ᠪᠠ ᠵᠠᠭᠠᠯᠳᠤᠯᠭ᠎ᠠ ᠶᠢ ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠦᠩ ᠢ ᠲᠤᠬᠠᠢ ᠶᠢᠨ ᠬᠥᠮᠥᠨ ᠳᠤ ᠬᠠᠷᠢᠭᠤ ᠲᠤᠰᠬᠠᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠴᠤᠭᠯᠠᠭᠤᠯᠵᠤ᠂ ᠬᠠᠤᠯᠢ ᠶᠣᠰᠣᠭᠠᠷ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃
ᠭᠤᠴᠢᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠨᠢ ᠤᠯᠤᠰ ᠤᠨ ᠠᠮᠤᠷ ᠲᠦᠪᠰᠢᠨ᠂ ᠤᠯᠤᠰ ᠤᠨ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠥᠬᠦᠶ ᠲᠣᠭᠲᠠᠭᠠᠯ ᠢ ᠵᠢᠷᠤᠮᠯᠠᠬᠤ ᠬᠡᠷᠡᠭᠲᠡᠶ᠃
ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ
ᠭᠤᠴᠢᠨ ᠨᠢᠭᠡᠳᠦᠭᠡᠷ ᠵᠦᠢᠯ ᠪᠦᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠪᠠ ᠲᠠᠪᠴᠠᠩ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠤᠭᠰᠠᠨ ᠬᠠᠮᠵᠢᠯᠴᠠᠨ ᠬᠢᠨᠠᠨ ᠬᠠᠮᠢᠶᠠᠷᠬᠤ ᠬᠡᠪ ᠵᠠᠭᠪᠤᠷ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠠᠳᠠᠯᠢ ᠱᠠᠲᠤᠨ ᠤ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠯᠦᠭᠡ ᠬᠠᠮᠲᠤᠷᠠᠨ ᠬᠢᠨᠠᠨ ᠬᠠᠮᠢᠶᠠᠷᠬᠤ ᠡᠷᠬᠡ ᠪᠠ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠲᠣᠭᠲᠠᠭᠠᠬᠤ ᠶᠢᠨ ᠬᠠᠮᠲᠤ ᠨᠡᠶᠢᠭᠡᠮ ᠳᠤ ᠢᠯᠡ ᠪᠣᠯᠭᠠᠬᠤ ᠬᠡᠷᠡᠭᠲᠡᠶ᠃
ᠭᠤᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠯᠦᠭᠡ ᠬᠠᠮᠲᠤᠷᠠᠨ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠦᠷᠢᠶ᠎ᠡ ᠴᠠᠷᠠᠭᠠᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠭᠠᠷᠴᠠᠭ ᠢ ᠲᠣᠭᠲᠠᠭᠠᠨ ᠨᠡᠶᠢᠲᠡᠯᠡᠨ᠎ᠡ᠃
ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠭᠠᠷᠴᠠᠭ ᠳᠣᠲᠣᠷᠠᠬᠢ ᠪᠣᠳᠠᠲᠠᠶ ᠮᠡᠳᠡᠭᠡ ᠵᠠᠩᠭᠢ ᠶᠢ ᠢᠯᠡ ᠪᠣᠯᠭᠠᠬᠤ ᠬᠡᠷᠡᠭᠲᠡᠶ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠥᠢᠯᠡᠴᠢᠯᠡᠭᠡ᠂ ᠠᠷᠠᠯᠵᠢᠶ᠎ᠠ ᠵᠡᠷᠭᠡ ᠬᠤᠯᠪᠣᠭᠳᠠᠯ ᠪᠥᠬᠦᠶ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢᠶᠠᠷ ᠢᠯᠡ ᠪᠣᠯᠭᠠᠬᠤ ᠶᠢ ᠴᠠᠭᠠᠵᠠᠯᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃
ᠭᠤᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠤᠳ ᠲᠤᠰ ᠠᠵᠢᠯ ᠲᠥᠷᠥᠯ᠂ ᠲᠤᠰ ᠰᠢᠰᠲ᠋ᠧᠮ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠢᠷᠤᠮᠵᠢᠭᠤᠯᠵᠤ᠂ ᠦᠨᠡᠨᠴᠢ ᠢᠲᠡᠭᠡᠮᠵᠢ ᠦᠭᠡᠶ ᠦᠢᠯᠡ ᠠᠵᠢᠯᠯᠠᠭ᠎ᠠ ᠶᠢ ᠬᠤᠷᠢᠭᠯᠠᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠢᠯᠡᠷᠡᠭᠦᠯᠵᠦ᠂ ᠰᠡᠷᠡᠮᠵᠢᠯᠡᠭᠦᠯᠵᠦ᠂ ᠪᠠᠶᠢᠴᠠᠭᠠᠨ ᠭᠡᠷᠡᠴᠢᠯᠡᠬᠦ ᠪᠠ ᠰᠢᠢᠳᠪᠦᠷᠢᠯᠡᠬᠦ ᠶᠢᠨ ᠬᠠᠮᠲᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠰᠢᠢᠳᠪᠦᠷᠢᠯᠡᠭᠰᠡᠨ ᠦᠷ᠎ᠡ ᠳ᠋ᠦᠩ ᠤᠨ ᠮᠡᠳᠡᠭᠡ ᠵᠠᠩᠭᠢ ᠶᠢ ᠳᠠᠮᠵᠢᠭᠤᠯᠤᠨ ᠶᠠᠪᠤᠭᠤᠯᠬᠤ ᠬᠡᠷᠡᠭᠲᠡᠶ᠃
ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠤᠬᠠᠶ ᠶᠢᠨ ᠲᠠᠯᠠᠪᠤᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠷᠠᠯᠵᠢᠶᠠᠨ ᠤ ᠡᠮᠬᠢ ᠵᠢᠷᠤᠮ ᠢ ᠬᠠᠮᠠᠭᠠᠯᠠᠨ᠂ ᠲᠤᠬᠠᠶ ᠶᠢᠨ ᠲᠠᠯᠠᠪᠤᠷ ᠤᠨ ᠬᠠᠮᠢᠶᠠᠷᠤᠯᠲᠠ ᠶᠢᠨ ᠲᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠬᠤᠷᠢᠭᠯᠠᠨ ᠵᠣᠭᠰᠣᠭᠠᠬᠤ ᠪᠠ ᠵᠠᠯᠠᠷᠠᠭᠤᠯᠬᠤ ᠬᠡᠷᠡᠭᠲᠡᠶ︔ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ ᠳᠠᠷᠦ᠋ᠢᠬᠠᠨ ᠰᠠᠨᠠᠭᠤᠯᠬᠤ ᠶᠢᠨ ᠬᠠᠮᠲᠤ ᠭᠡᠷᠡᠴᠢ ᠪᠠᠷᠢᠮᠲᠠ ᠶᠢ ᠲᠡᠮᠳᠡᠭᠯᠡᠨ ᠬᠠᠳᠠᠭᠠᠯᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠵᠦ ᠰᠢᠢᠳᠪᠦᠷᠢᠯᠡᠭᠦᠯᠬᠦ ᠬᠡᠷᠡᠭᠲᠡᠶ᠃
ᠭᠤᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠯᠦᠭᠡ ᠬᠠᠮᠲᠤᠷᠠᠨ ᠪᠥᠬᠦ ᠣᠷᠣᠨ ᠤ ᠨᠢᠭᠡᠳᠦᠯᠲᠡᠶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠬᠢᠨᠠᠨ ᠰᠢᠨᠵᠢᠵᠦ ᠵᠠᠳᠠᠯᠤᠯᠲᠠ ᠬᠢᠵᠦ᠂ ᠠᠷᠠᠯᠵᠢᠶᠠᠨ ᠤ ᠬᠡᠪ ᠤᠨ ᠪᠤᠰᠤ ᠦᠢᠯᠡ ᠠᠵᠢᠯᠯᠠᠭ᠎ᠠ ᠶᠢ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠨ᠂ ᠣᠶᠣᠨᠲᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠭᠦ ᠬᠡᠷᠩᠲᠠᠢ᠃
ᠭᠤᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠨᠡᠶᠢᠭᠡᠮ ᠤᠨ ᠢᠲᠡᠭᠡᠮᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠲᠤᠷᠠᠯᠴᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠡᠭᠦᠰᠬᠡᠭᠴᠢ᠂ ᠲᠥᠷᠥᠯ ᠵᠦᠢᠯ ᠳᠠᠭᠠᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠳᠤ ᠢᠲᠡᠭᠡᠮᠵᠢ ᠵᠢᠷᠤᠮᠯᠠᠭᠰᠠᠳ ᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠬᠤ ᠶᠢ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠶ᠃
ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠬᠦ ᠬᠡᠷᠡᠭᠲᠡᠶ᠂ ᠲᠤᠰᠢᠶᠠᠯ ᠤᠨ ᠳᠦᠭᠦᠮ ᠢᠶᠠᠨ ᠠᠰᠢᠭᠯᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠠᠴᠠ ᠠᠰᠢᠭ ᠲᠤᠰᠠ ᠬᠦᠭᠡᠭᠡᠴᠡᠯᠳᠣᠭᠦ ᠪᠤᠶᠤ ᠪᠤᠰᠤᠳ ᠬᠦᠮᠣᠨ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠠᠴᠠ ᠠᠰᠢᠭ ᠲᠤᠰᠠ ᠭᠦᠭᠡᠭᠡᠴᠡᠯᠳᠣᠵᠦ ᠪᠣᠯᠬᠤ ᠦᠭᠡᠶ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠦᠭᠡᠶ᠃
ᠭᠤᠴᠢᠨ ᠳᠣᠯᠣᠳᠤᠭᠠᠷ ᠵᠦᠢᠯ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠵᠢᠴᠢ ᠠᠵᠢᠯᠲᠠᠨ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄
︵ᠨᠢᠭᠡ︶ ᠬᠢᠨᠠᠨ ᠵᠥᠪᠰᠢᠶᠡᠷᠡᠬᠦ᠂ ᠪᠦᠷᠢᠳᠭᠡᠨ ᠳᠠᠩᠰᠠᠯᠠᠬᠤ᠂ ᠰᠶᠢᠳᠭᠡᠨ ᠲᠣᠷᠭᠠᠬᠤ ᠵᠡᠷᠭᠡ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠡᠭᠦᠷᠭᠡ ᠴᠢᠳᠠᠪᠤᠷᠢ ᠶᠢ ᠬᠡᠷᠡᠭᠵᠢᠭᠦᠯᠬᠦ︔
︵ᠬᠤᠶᠠᠷ︶ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠭᠤᠯᠣᠨ ᠬᠤᠳᠠᠯᠳᠤᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ᠂ ᠪᠠᠷᠢᠯᠭ᠎ᠠ ᠶᠢᠨ ᠦᠨ᠎ᠡ ᠵᠡᠷᠭᠡ ᠵᠠᠭᠤᠴᠢ ᠦᠢᠯᠡᠴᠢᠯᠡᠭᠡ ᠶᠢ ᠬᠠᠤᠯᠢ ᠠᠴᠠ ᠵᠥᠷᠢᠴᠡᠨ ᠬᠢᠬᠦ ᠪᠤᠶᠤ ᠠᠯᠪᠠᠳᠠᠯᠭ᠎ᠠ ᠪᠠᠷ ᠲᠣᠭᠲᠠᠭᠠᠬᠤ︔
︵ᠭᠤᠷᠪᠠ︶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠶᠣᠰᠣᠭᠠᠷ ᠪᠥᠲᠥᠭᠡᠨ ᠪᠠᠶᠢᠭᠤᠯᠵᠤ ᠡᠵᠡᠩᠨᠡᠵᠦ ᠪᠠᠶᠢᠭ᠎ᠠ ᠡᠯᠧᠺᠲᠷᠣᠨ ᠠᠷᠠᠯᠵᠢᠶᠠᠨ ᠤ ᠰᠢᠰᠲ᠋ᠧᠮ ᠢ ᠭᠠᠳᠠᠭᠤᠷᠴᠢᠯᠠᠬᠤ᠂ ᠬᠢᠵᠠᠭᠠᠷᠯᠠᠬᠤ︔
︵ᠲᠦᠷᠪᠡ︶ ᠠᠵᠢᠯ ᠤᠨ ᠳᠥᠭᠦᠮ ᠢᠶᠠᠨ ᠠᠰᠢᠭᠯᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠠᠴᠠ ᠠᠰᠢᠭ ᠲᠤᠰᠠ ᠬᠦᠭᠡᠭᠡᠴᠡᠯᠳᠣᠭᠦ ᠪᠤᠶᠤ ᠪᠤᠰᠤᠳ ᠬᠦᠮᠣᠨ ᠳᠤ ᠠᠰᠢᠭ ᠲᠤᠰᠠ ᠬᠦᠭᠡᠭᠡᠴᠡᠯᠳᠣᠭᠦ︔
︵ᠲᠠᠪᠤ︶ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔
︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠠᠵᠢᠯᠯᠠᠭ᠎ᠠ᠃
ᠭᠤᠴᠢᠨ ᠨᠠᠢᠮᠠᠳᠤᠭᠠᠷ ᠵᠦᠢᠯ ᠲᠥᠷᠥᠯ ᠵᠦᠢᠯ ᠡᠭᠦᠰᠬᠡᠭᠴᠢ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄
︵ᠨᠢᠭᠡ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠤᠭᠰᠠᠨ ᠲᠥᠷᠥᠯ ᠵᠦᠢᠯ ᠢ ᠪᠦᠬᠦᠯᠢ ᠴᠤᠭᠴᠠ ᠶᠢ ᠬᠡᠰᠡᠭᠯᠡᠨ ᠰᠠᠯᠭᠠᠬᠤ ᠪᠤᠶᠤ ᠪᠤᠰᠤᠳ ᠠᠷᠭ᠎ᠠ ᠮᠠᠶ᠋ᠢᠭ ᠠᠪᠴᠤ᠂ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠰᠬᠢᠬᠦ ᠪᠤᠶᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠤᠨ ᠠᠷᠠᠯᠵᠢᠶᠠᠯᠠᠬᠤ ᠠᠴᠠ ᠵᠠᠶᠢᠯᠠᠰᠭᠢᠬᠦ︔
︵ᠬᠤᠶᠠᠷ︶ ᠨᠢᠭᠤᠭᠳᠠᠮᠠᠯ ᠪᠠᠶᠢᠭ᠎ᠠ ᠲᠥᠷᠥᠯ ᠵᠦᠢᠯ ᠳᠠᠭᠠᠭᠴᠢ ᠪᠤᠶᠤ ᠲᠥᠷᠥᠯ ᠵᠦᠢᠯ ᠳᠠᠭᠠᠭᠴᠢ ᠶᠢ ᠵᠦᠶ ᠪᠤᠰᠤ ᠨᠥᠬᠦᠴᠡᠯ ᠪᠤᠶᠤ ᠬᠠᠤᠯᠢ ᠪᠤᠰᠤ ᠠᠷᠭ᠎ᠠ ᠮᠠᠶ᠋ᠢᠭ ᠢᠶᠠᠷ ᠬᠢᠵᠠᠭᠠᠷᠯᠠᠬᠤ᠂ ᠭᠠᠳᠠᠭᠤᠷᠴᠢᠯᠠᠬᠤ᠂ ᠠᠯᠠᠭᠴᠢᠯᠠᠬᠤ︔
︵ᠭᠤᠷᠪᠠ︶ ᠰᠦᠯᠪᠡᠭᠡᠯᠳᠦᠨ ᠠᠷᠠᠯᠵᠢᠶᠠᠯᠠᠬᠤ ᠪᠤᠶᠤ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ︔
︵ᠲᠦᠷᠪᠡ︶ ᠳᠠᠭᠠᠭᠠᠴᠢᠯᠠᠯᠲᠠ ᠣᠯᠣᠭᠴᠢ᠂ ᠠᠷᠠᠯᠵᠢᠶ᠎ᠠ ᠪᠦᠲᠦᠭᠰᠡᠨ ᠬᠦᠮᠦᠨ ᠢ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠲᠣᠭᠲᠠᠭᠠᠭᠰᠠᠨ ᠦᠭᠡᠢ︔
︵ᠲᠠᠪᠤ︶ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠷᠠᠯᠵᠢᠶᠠᠨ ᠤ ᠭᠡᠷ᠎ᠡ ᠲᠣᠭᠲᠠᠬᠤ ᠶᠢ ᠲᠡᠪᠴᠢᠬᠦ᠂ ᠨᠡᠮᠡᠯᠲᠡ ᠨᠥᠬᠦᠴᠡᠯ ᠳᠤᠷᠠᠳᠬᠤ ᠪᠤᠶᠤ ᠭᠡᠷ᠎ᠡ ᠶᠢᠨ ᠮᠥᠨ ᠴᠢᠨᠠᠷ ᠤᠨ ᠠᠭᠤᠯᠭ᠎ᠠ ᠠᠴᠠ ᠲᠡᠷᠰᠯᠡᠭᠰᠡᠨ ᠵᠦᠪᠯᠡᠯᠴᠡᠭᠡᠷ ᠢ ᠲᠠᠬᠢᠨ ᠲᠣᠭᠲᠠᠭᠠᠬᠤ︔
︵ᠵᠢᠷᠭᠤᠭ᠎ᠠ︶ ᠪᠠᠲᠤᠯᠠᠭ᠎ᠠ ᠶᠢᠨ ᠮᠥᠩᠭᠦ ᠶᠢ ᠨᠡᠭᠦᠯᠭᠡᠨ ᠬᠡᠷᠡᠭᠯᠡᠬᠦ︔
︵ᠳᠤᠯᠤᠭ᠎ᠠ︶ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔
︵ᠨᠠᠢᠮᠠ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠪᠴᠢᠬᠦ᠂ ᠬᠠᠷᠰᠢᠯᠠᠬᠤ ᠪᠤᠶᠤ ᠬᠤᠳᠠᠯ ᠬᠠᠭᠤᠷᠮᠠᠭ ᠪᠠᠶᠢᠳᠠᠯ ᠬᠠᠩᠭᠠᠬᠤ︔
︵ᠶᠢᠰᠦ︶ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠠᠷᠠᠯᠵᠢᠶᠠᠯᠠᠭᠰᠠᠨ ᠦᠭᠡᠢ ᠪᠤᠶᠤ ᠲᠥᠷᠥᠯ ᠵᠦᠢᠯ ᠤᠨ ᠠᠷᠠᠯᠵᠢᠶ᠎ᠠ ᠶᠢ ᠳᠤᠷ᠎ᠠ ᠪᠠᠷ ᠳᠤᠷᠭᠤᠨ ᠵᠣᠭᠰᠣᠭᠠᠬᠤ ᠪᠠ ᠳᠠᠭᠤᠰᠬᠠᠬᠤ︔
︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠭᠤᠴᠢ ᠶᠢᠰᠦᠳᠦᠭᠡᠷ ᠵᠦᠢᠯ ᠲᠥᠷᠥᠯ ᠵᠦᠢᠯ ᠳᠠᠭᠠᠭᠴᠢ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄
︵ᠨᠢᠭᠡ︶ ᠪᠤᠰᠤᠳ ᠬᠥᠮᠦᠨ ᠤ ᠨᠡᠷ᠎ᠡ ᠪᠠᠷ᠂ ᠵᠢᠭᠡᠯᠡᠭᠰᠡᠨ ᠬᠢᠷᠢ ᠬᠡᠮ ᠢᠶᠠᠷ᠂ ᠥᠪᠡᠷ ᠤᠨ ᠥᠷᠲᠡᠭ ᠠᠴᠠ ᠳᠣᠣᠷ᠎ᠠ ᠮᠡᠳᠡᠭᠦᠯᠦᠭᠰᠡᠨ ᠦᠨ᠎ᠡ ᠪᠠᠷ ᠳᠠᠭᠠᠭᠠᠴᠢᠯᠠᠯᠲᠠ ᠥᠷᠢᠰᠦᠯᠳᠦᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠠᠳ ᠳᠠᠭᠠᠭᠠᠴᠢᠯᠠᠯᠲᠠ ᠣᠯᠬᠤ᠂ ᠠᠷᠠᠯᠵᠢᠬᠤ︔
︵ᠬᠤᠶᠠᠷ︶ ᠰᠥᠯᠪᠡᠭᠡᠯᠳᠦᠬᠦ᠂ ᠬᠡᠭᠡᠯᠢ ᠲᠦᠯᠬᠢᠬᠦ ᠪᠤᠶᠤ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ᠂ ᠲᠥᠪ ᠭᠤᠣᠯᠴᠢ ᠥᠷᠢᠰᠦᠯᠳᠦᠭᠡᠨ ᠢ ᠬᠠᠷᠰᠢᠯᠠᠬᠤ︔
︵ᠭᠤᠷᠪᠠ︶ ᠠᠷᠠᠯᠵᠢᠶᠠᠨ ᠤ ᠲᠥᠷᠥᠯ ᠵᠦᠢᠯ ᠤᠨ ᠳᠠᠭᠠᠭᠠᠴᠢᠯᠠᠯᠲᠠ ᠣᠯᠬᠤ᠂ ᠠᠷᠠᠯᠵᠢᠬᠤ ᠬᠢᠷᠢ ᠬᠡᠮ ᠢᠶᠠᠨ ᠳᠤᠷ᠎ᠠ ᠪᠠᠷ ᠲᠠᠶᠠᠭᠳᠠᠵᠤ᠂ ᠵᠦᠶ ᠶᠣᠰᠣᠨ ᠤ ᠰᠢᠯᠲᠠᠭᠠᠨ ᠥᠬᠡᠶ ᠪᠠᠷ ᠠᠷᠠᠯᠵᠢᠶᠠᠨ ᠤ ᠭᠡᠷ᠎ᠡ ᠲᠣᠭᠲᠠᠬᠤ ᠶᠢ ᠲᠡᠪᠴᠢᠬᠦ ᠪᠤᠶᠤ ᠭᠡᠷ᠎ᠡ ᠶᠢᠨ ᠮᠥᠨ ᠴᠢᠨᠠᠷ ᠤᠨ ᠠᠭᠤᠯᠭ᠎ᠠ ᠠᠴᠠ ᠲᠡᠷᠰᠯᠡᠭᠰᠡᠨ ᠵᠦᠪᠯᠡᠯᠴᠡᠭᠡᠷ ᠢ ᠳᠠᠬᠢᠨ ᠲᠣᠭᠲᠠᠭᠠᠬᠤ︔
︵ᠲᠦᠷᠪᠡ︶ ᠳᠠᠭᠠᠭᠠᠴᠢᠯᠠᠯᠲᠠ ᠣᠯᠤᠭᠰᠠᠨ ᠲᠥᠷᠥᠯ ᠵᠦᠢᠯ ᠢᠶᠠᠨ ᠪᠤᠰᠤᠳ ᠬᠥᠮᠦᠨ ᠳᠤ ᠰᠢᠯᠵᠢᠭᠦᠯᠦᠨ ᠥᠭᠬᠦ ᠪᠤᠶᠤ ᠳᠠᠭᠠᠭᠠᠴᠢᠯᠠᠯᠲᠠ ᠣᠯᠤᠭᠰᠠᠨ ᠲᠥᠷᠥᠯ ᠵᠦᠢᠯ ᠢᠶᠠᠨ ᠰᠠᠯᠭᠠᠭᠰᠠᠨ ᠤ ᠳᠠᠷᠠᠭ᠎ᠠ ᠲᠤᠰ ᠲᠤᠰ ᠲᠤ ᠨᠢ ᠪᠤᠰᠤᠳ ᠬᠥᠮᠥᠨ ᠳᠤ ᠰᠢᠯᠵᠢᠭᠦᠯᠦᠨ ᠥᠭᠬᠦ︔
︵ᠲᠠᠪᠤ︶ ᠪᠣᠳᠠᠲᠤ ᠬᠡᠷᠡᠭ ᠢ ᠬᠤᠳᠠᠯ ᠢᠶᠠᠷ ᠵᠣᠬᠢᠶᠠᠵᠤ᠂ ᠮᠠᠲ᠋ᠧᠷᠢᠶᠠᠯ ᠢ ᠬᠠᠭᠤᠷᠮᠠᠭᠯᠠᠨ ᠬᠢᠬᠦ ᠪᠤᠶᠤ ᠪᠤᠰᠤᠳ ᠬᠠᠤᠯᠢ ᠪᠤᠰᠤ ᠠᠷᠭ᠎ᠠ ᠪᠠᠷᠢᠯ ᠢᠶᠠᠷ ᠭᠡᠷᠡᠴᠢᠯᠡᠬᠦ ᠮᠠᠲ᠋ᠧᠷᠢᠶᠠᠯ ᠣᠯᠵᠤ ᠠᠪᠤᠭᠠᠳ ᠰᠡᠵᠢᠭᠯᠡᠯ᠂ ᠣᠨᠳᠣᠣ ᠰᠠᠨᠠᠯ ᠳᠤᠷᠠᠳᠬᠤ᠂ ᠵᠠᠭᠠᠯᠳᠤᠯᠭ᠎ᠠ ᠬᠢᠬᠦ︔
︵ᠵᠢᠷᠭᠤᠭ᠎ᠠ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠪᠴᠢᠬᠦ᠂ ᠬᠠᠷᠰᠢᠯᠠᠬᠤ ᠪᠣᠶᠤ ᠬᠤᠳᠠᠯ ᠬᠠᠭᠤᠷᠮᠠᠭ ᠪᠠᠶᠢᠳᠠᠯ ᠬᠠᠩᠭᠠᠬᠤ︔
︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠳᠥᠴᠢᠳᠦᠭᠡᠷ ᠵᠦᠢᠯ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄
︵ᠨᠢᠭᠡ︶ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠬᠤ ᠪᠤᠶᠤ ᠪᠤᠰᠤᠳ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠳᠤ ᠣᠷᠣᠬᠤ︔
︵ᠬᠤᠶᠠᠷ︶ ᠳᠠᠭᠠᠭᠠᠴᠢᠯᠠᠯᠲᠠ ᠬᠢᠨᠠᠨ ᠦᠨᠡᠯᠡᠬᠦ ᠲᠥᠷᠥᠯ ᠵᠦᠢᠯ ᠡᠭᠦᠰᠬᠡᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠲᠥᠷᠥᠯ ᠵᠦᠢᠯ ᠳᠠᠭᠠᠭᠴᠢ᠂ ᠳᠠᠭᠠᠭᠠᠴᠢᠯᠠᠯᠲᠠ ᠬᠢᠨᠠᠨ ᠦᠨᠡᠯᠡᠬᠦ ᠪᠤᠰᠤᠳ ᠲᠤᠰᠬᠠᠶ ᠮᠡᠷᠭᠡᠵᠢᠯᠲᠡᠨ ᠪᠤᠶᠤ ᠠᠰᠢᠭ ᠬᠤᠤᠷ ᠤᠨ ᠬᠠᠷᠢᠴᠠᠭ᠎ᠠ ᠲᠠᠢ ᠪᠤᠰᠤᠳ ᠬᠥᠮᠦᠨ ᠲᠠᠢ ᠰᠥᠯᠪᠡᠭᠡᠯᠳᠦᠨ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ︔
︵ᠭᠤᠷᠪᠠ︶ ᠳᠠᠭᠠᠭᠠᠴᠢᠯᠠᠯᠲᠠ ᠬᠢᠨᠠᠨ ᠦᠨᠡᠯᠡᠬᠦ ᠲᠥᠷᠥᠯ ᠵᠦᠢᠯ ᠤᠨ ᠲᠥᠷᠥᠯ ᠵᠦᠢᠯ ᠡᠭᠦᠰᠬᠡᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠲᠥᠷᠥᠯ ᠵᠦᠢᠯ ᠳᠠᠭᠠᠭᠴᠢ ᠪᠤᠶᠤ ᠠᠰᠢᠭ ᠬᠤᠤᠷ ᠤᠨ ᠬᠠᠷᠢᠴᠠᠭ᠎ᠠ ᠲᠠᠢ ᠪᠤᠰᠤᠳ ᠬᠥᠮᠦᠨ ᠯᠦᠭᠡ ᠳᠠᠯᠳᠠᠭᠤᠷ ᠬᠠᠷᠢᠯᠴᠠᠵᠤ᠂ ᠬᠥᠳᠡᠯᠮᠦᠷᠢ ᠬᠦᠴᠦᠨ ᠤ ᠬᠥᠯᠥᠰᠥ ᠣᠯᠭᠤᠮᠵᠢ ᠠᠴᠠ ᠭᠠᠳᠠᠨᠠᠬᠢ ᠡᠳ᠋ ᠪᠣᠳᠠᠰ ᠪᠤᠶᠤ ᠪᠤᠰᠤᠳ ᠠᠰᠢᠭ ᠨᠡᠬᠡᠭᠦ᠂ ᠬᠦᠯᠢᠶᠡᠵᠣ ᠠᠪᠬᠤ︔
︵ᠲᠦᠷᠪᠡ︶ ᠳᠠᠭᠠᠭᠠᠴᠢᠯᠠᠯᠲᠠ ᠣᠯᠣᠭᠴᠢ᠂ ᠠᠷᠠᠯᠵᠢᠶ᠎ᠠ ᠪᠦᠳᠣᠭᠦ ᠬᠦᠮᠦᠨ ᠢ ᠲᠣᠭᠲᠠᠬᠤ ᠲᠣᠬᠠᠢ ᠲᠥᠷᠥᠯ ᠵᠦᠢᠯ ᠡᠭᠦᠰᠬᠡᠭᠴᠢ ᠶᠢᠨ ᠰᠠᠨᠠᠮᠵᠢ ᠶᠢ ᠬᠤᠷᠢᠶᠠᠬᠤ ᠪᠤᠶᠤ ᠶᠠᠮᠠᠷᠪᠠ ᠨᠢᠭᠡᠴᠢ᠂ ᠬᠤᠪᠢ ᠬᠥᠮᠥᠨ ᠤ ᠳᠤᠷᠠᠳᠤᠭᠰᠠᠨ ᠬᠡᠯᠪᠡᠶᠢᠬᠦ ᠴᠢᠨᠠᠷᠲᠠᠢ᠂ ᠭᠠᠳᠠᠭᠤᠷᠴᠢᠯᠠᠬᠤ ᠴᠢᠨᠠᠷᠲᠠᠢ ᠰᠠᠨᠠᠯ ᠢ ᠬᠦᠯᠢᠶᠡᠨ ᠠᠪᠬᠤ︔
︵ᠲᠠᠪᠤ︶ ᠲᠥᠷᠥᠯ ᠵᠦᠢᠯ ᠳᠠᠭᠠᠭᠴᠢ ᠶᠢ ᠬᠠᠣᠯᠢ ᠠᠴᠠ ᠵᠦᠷᠢᠴᠡᠨ ᠪᠢᠲᠡᠭᠦᠦ ᠳᠣᠬᠢᠬᠤ ᠪᠤᠶᠤ ᠥᠳᠥᠭᠡᠵᠦ ᠪᠠᠶᠢᠭᠠᠳ ᠲᠣᠳᠣᠷᠬᠠᠶᠢᠯᠠᠯᠲᠠ᠂ ᠲᠠᠶᠢᠯᠪᠤᠷᠢᠯᠠᠯᠲᠠ ᠬᠢᠯᠭᠡᠭᠦ ᠪᠤᠶᠤ ᠲᠥᠷᠥᠯ ᠵᠦᠢᠯ ᠳᠠᠭᠠᠭᠴᠢ ᠶᠢᠨ ᠰᠠᠨᠠᠭᠠᠴᠢᠯᠠᠭ᠎ᠠ ᠠᠴᠠ ᠪᠠᠨ ᠳᠤᠷᠠᠳᠤᠭᠰᠠᠨ ᠲᠣᠳᠣᠷᠬᠠᠶᠢᠯᠠᠯᠲᠠ᠂ ᠲᠠᠶᠢᠯᠪᠤᠷᠢᠯᠠᠯᠲᠠ ᠶᠢ ᠬᠠᠤᠯᠢ ᠠᠴᠠ ᠵᠦᠷᠢᠴᠡᠨ ᠬᠦᠯᠢᠶᠡᠨ ᠠᠪᠬᠤ ᠵᠢᠴᠢ ᠪᠤᠰᠤᠳ ᠪᠤᠰᠤᠳᠴᠢ ᠪᠤᠰᠤ᠂ ᠲᠥᠪ ᠪᠤᠰᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡ ᠠᠵᠢᠯᠯᠠᠭ᠎ᠠ︔
︵ᠵᠢᠷᠭᠤᠭ᠎ᠠ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ ᠪᠠ ᠠᠷᠭ᠎ᠠ ᠶᠢᠨ ᠶᠣᠰᠣᠭᠠᠷ ᠳᠠᠭᠠᠭᠠᠴᠢᠯᠠᠯᠲᠠ ᠦᠨᠡᠯᠡᠬᠦ ᠦᠭᠡᠢ ᠪᠤᠶᠤ ᠬᠠᠤᠯᠢ ᠶᠣᠰᠣᠭᠠᠷ ᠦᠭᠡᠶᠢᠰᠬᠡᠬᠦ ᠶᠣᠰᠣᠲᠠᠢ ᠳᠠᠭᠠᠭᠠᠴᠢᠯᠠᠯᠲᠠ ᠬᠦᠯᠢᠶᠡᠯᠲᠡ ᠳᠤ ᠦᠭᠡᠶᠢᠰᠬᠡᠬᠦ ᠰᠠᠨᠠᠯ ᠦᠯᠦ ᠳᠤᠷᠠᠳᠬᠤ︔
︵ᠳᠤᠯᠤᠭ᠎ᠠ︶ ᠬᠠᠤᠯᠢ ᠶᠣᠰᠣᠭᠠᠷ ᠵᠠᠶᠢᠯᠠᠬᠤ ᠴᠢᠬᠤᠯᠠᠲᠠᠢ ᠪᠣᠯᠪᠠᠴᠤ ᠦᠯᠦ ᠵᠠᠶᠢᠯᠠᠬᠤ︔
︵ᠨᠠᠢᠮᠠ︶ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ ᠪᠤᠶᠤ ᠳᠠᠭᠠᠭᠠᠴᠢᠯᠠᠯᠲᠠ ᠬᠢᠨᠠᠨ ᠦᠨᠡᠯᠡᠬᠦ ᠲᠤᠬᠠᠶ ᠶᠢᠨ ᠲᠠᠯᠠᠪᠣᠷ ᠤᠨ ᠡᠮᠬᠢ ᠳᠢᠭᠯᠢᠮ ᠢ ᠰᠠᠮᠠᠭᠤᠷᠠᠭᠤᠯᠬᠤ︔
︵ᠶᠢᠰᠦ︶ ᠳᠠᠭᠠᠭᠠᠴᠢᠯᠠᠯᠲᠠ ᠬᠢᠨᠠᠨ ᠦᠨᠡᠯᠡᠭᠰᠡᠨ ᠪᠠᠶᠢᠳᠠᠯ ᠢ ᠬᠠᠤᠯᠢ ᠠᠴᠠ ᠵᠥᠷᠢᠴᠡᠨ ᠵᠠᠳᠠᠷᠠᠭᠤᠯᠬᠤ ᠪᠤᠶᠤ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔
︵ᠠᠷᠪᠠ︶ ᠬᠠᠤᠯᠢ ᠶᠣᠰᠣᠭᠠᠷ ᠬᠡᠷᠡᠭᠵᠢᠭᠦᠯᠦᠭᠰᠡᠨ ᠬᠢᠨᠠᠯᠲᠠ᠂ ᠪᠠᠶᠢᠴᠠᠭᠠᠯᠳᠠ᠂ ᠪᠠᠶᠢᠴᠠᠭᠠᠬᠤ ᠠᠵᠢᠯ ᠢ ᠲᠡᠪᠴᠢᠬᠦ ᠪᠤᠶᠤ ᠦᠯᠦ ᠬᠠᠮᠵᠢᠬᠤ᠂ ᠦᠯᠣ ᠬᠠᠮᠵᠢᠯᠴᠠᠬᠤ︔
︵ᠠᠷᠪᠠᠨ ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠳᠥᠴᠢᠨ ᠨᠢᠭᠡᠳᠦᠭᠡᠷ ᠵᠦᠢᠯ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠠᠵᠢᠯᠲᠠᠨ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄
︵ᠨᠢᠭᠡ︶ ᠰᠥᠯᠪᠡᠭᠡᠯᠳᠦᠬᠦ᠂ ᠬᠡᠭᠡᠯᠢ ᠲᠦᠯᠬᠢᠬᠦ ᠪᠤᠶᠤ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠦᠮᠣᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ︔
︵ᠬᠤᠶᠠᠷ︶ ᠬᠠᠳᠠᠭᠠᠯᠠᠬᠤ ᠶᠤᠰᠤᠲᠠᠢ ᠠᠷᠠᠯᠵᠢᠶᠠᠨ ᠤ ᠪᠢᠴᠢᠭ ᠮᠠᠲ᠋ᠧᠷᠢᠶᠠᠯ ᠢ ᠨᠢᠭᠤᠨ ᠲᠠᠯᠳᠠᠯᠠᠬᠤ᠂ ᠤᠰᠠᠳᠬᠠᠬᠤ ᠪᠤᠶᠤ ᠠᠷᠠᠯᠵᠢᠶᠠᠨ ᠤ ᠪᠢᠴᠢᠭ ᠮᠠᠲ᠋ᠧᠷᠢᠶᠠᠯ ᠢ ᠬᠠᠭᠤᠷᠮᠠᠭ ᠢᠶᠠᠷ ᠵᠤᠬᠢᠶᠠᠬᠤ᠂ ᠬᠤᠪᠢᠷᠠᠭᠤᠯᠤᠨ ᠵᠤᠬᠢᠶᠠᠬᠤ︔
︵ᠭᠤᠷᠪᠠ︶ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔
︵ᠲᠦᠷᠪᠡ︶ ᠵᠢᠭᠠᠨ ᠲᠣᠭᠲᠠᠭᠠᠭᠰᠠᠨ ᠵᠠᠭᠤᠴᠢ ᠳᠤ ᠠᠷᠠᠯᠵᠢᠶᠠᠨ ᠤ ᠮᠡᠳᠡᠭᠡ ᠵᠠᠩᠭᠢ ᠶᠢ ᠦᠯᠦ ᠨᠡᠶᠢᠲᠡᠯᠡᠭᠰᠡᠨ ᠪᠤᠶᠤ ᠠᠳᠠᠯᠢ ᠪᠤᠰᠤ ᠵᠠᠭᠤᠴᠢ ᠳᠤ ᠨᠡᠶᠢᠲᠡᠯᠡᠭᠰᠡᠨ ᠠᠷᠠᠯᠵᠢᠶᠠᠨ ᠤ ᠮᠡᠳᠡᠭᠡ ᠵᠠᠩᠭᠢ ᠨᠢ ᠨᠢᠭᠡᠳᠦᠯ ᠦᠭᠡᠢ ᠪᠠᠶᠢᠬᠤ︔
︵ᠲᠠᠪᠤ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠪᠴᠢᠬᠦ᠂ ᠬᠠᠷᠰᠢᠯᠠᠬᠤ ᠪᠣᠶᠤ ᠬᠤᠳᠠᠯ ᠬᠠᠭᠤᠷᠮᠠᠭ ᠪᠠᠶᠢᠳᠠᠯ ᠬᠠᠩᠭᠠᠬᠤ︔
︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠳᠥᠴᠢᠨ ᠬᠤᠶᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠰᠢᠰᠲ᠋ᠧᠮ ᠢ ᠠᠵᠢᠯᠯᠠᠭᠤᠯᠵᠤ ᠬᠠᠮᠠᠭᠠᠯᠠᠬᠤ ᠪᠠᠶᠢᠭᠤᠯᠤᠮᠵᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ᠄
︵ᠨᠢᠭᠡ︶ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠰᠦᠯᠪᠡᠭᠡᠯᠳᠦᠨ ᠠᠷᠠᠯᠵᠢᠶᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠳᠥᠭᠦᠮ ᠦᠵᠡᠭᠦᠯᠬᠦ︔
︵ᠬᠤᠶᠠᠷ︶ ᠠᠷᠠᠯᠵᠢᠶᠠᠨ ᠤ ᠮᠡᠳᠡᠭᠡ ᠵᠠᠩᠭᠢ ᠶᠢ ᠬᠠᠭᠤᠷᠮᠠᠭᠯᠠᠨ ᠵᠣᠬᠢᠶᠠᠬᠤ᠂ ᠦᠭᠡᠷᠡᠲᠦᠭᠦᠯᠬᠦ᠂ ᠡᠪᠳᠡᠨ ᠰᠦᠢᠳᠬᠡᠬᠦ᠂ ᠮᠡᠳᠡᠭᠡ ᠵᠠᠩᠭᠢ ᠳ᠋ᠠᠶᠢᠲ᠋ᠠ ᠶᠢ ᠳᠤᠷ᠎ᠠ ᠪᠠᠷ ᠰᠤᠷᠪᠤᠯᠵᠢᠯᠠᠬᠤ᠂ ᠣᠯᠵᠣ ᠬᠦᠷᠳᠡᠭᠦ᠂ ᠬᠠᠳᠠᠭᠠᠯᠠᠬᠤ᠂ ᠬᠡᠷᠡᠭᠯᠡᠬᠦ᠂ ᠵᠠᠳᠠᠷᠠᠭᠤᠯᠬᠤ᠂ ᠪᠤᠰᠤᠳ ᠬᠦᠮᠣᠨ ᠳᠤ ᠬᠠᠩᠭᠠᠬᠤ ᠪᠤᠶᠤ ᠮᠡᠳᠡᠭᠡ ᠵᠠᠩᠭᠢ ᠳ᠋ᠠᠶᠢᠲ᠋ᠠ ᠳᠤ ᠬᠤᠯᠪᠣᠭᠳᠠᠭᠤᠯᠣᠨ ᠵᠠᠳᠠᠯᠣᠯᠳᠡ ᠬᠢᠭᠦ︔
︵ᠭᠤᠷᠪᠠ︶ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔
︵ᠲᠦᠷᠪᠡ︶ ᠪᠦᠲᠦᠮᠵᠢᠲᠡᠶ ᠮᠡᠷᠭᠡᠵᠢᠯ ᠤᠨ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠣᠯᠵᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ᠂ ᠡᠪᠳᠡᠨ ᠰᠦᠢᠳᠭᠡᠬᠦ᠂ ᠭᠡᠭᠡᠭᠳᠡᠭᠦᠯᠬᠦ︔
︵ᠲᠠᠪᠤ︶ ᠭᠡᠷ᠎ᠡ ᠳᠤ ᠪᠣᠯᠵᠣᠨ ᠲᠣᠭᠲᠠᠭᠰᠠᠨ ᠵᠦᠢᠯ ᠠᠴᠠ ᠵᠥᠷᠢᠴᠡᠨ ᠲᠠᠪᠴᠠᠩ ᠤᠨ ᠡᠯᠧᠺᠲᠷᠣᠨ ᠰᠢᠰᠲ᠋ᠧᠮ ᠢ ᠠᠰᠢᠭᠯᠠᠨ ᠴᠤᠭ ᠪᠣᠭᠤᠵᠢᠯᠠᠬᠤ᠂ ᠬᠡᠯᠪᠡᠷᠢ ᠶᠢ ᠨᠢ ᠥᠭᠡᠷᠡᠲᠦᠭᠦᠯᠬᠦ᠂ ᠳᠠᠪᠬᠤᠷᠳᠠᠭᠤᠯᠤᠨ ᠰᠦᠢᠳᠬᠡᠯ ᠬᠤᠷᠢᠶᠠᠬᠤ︔
︵ᠵᠢᠷᠭᠤᠭ᠎ᠠ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠪᠴᠢᠬᠦ᠂ ᠬᠠᠷᠰᠢᠯᠠᠬᠤ ᠪᠣᠶᠤ ᠬᠤᠳᠠᠯ ᠬᠠᠭᠤᠷᠮᠠᠭ ᠪᠠᠶᠢᠳᠠᠯ ᠬᠠᠩᠭᠠᠬᠤ︔
︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠳᠥᠴᠢᠨ ᠭᠤᠷᠪᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤᠮᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ ᠲᠠᠢ᠃ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠰᠠᠯᠠᠭ᠎ᠠ ᠮᠥᠴᠢᠷ ᠴᠠᠭ ᠲᠤᠬᠠᠶ ᠳᠤ ᠨᠢ ᠬᠠᠤᠯᠢ ᠶᠣᠰᠣᠭᠠᠷ ᠰᠢᠢᠳᠪᠦᠷᠢᠯᠡᠵᠦ᠂ ᠵᠠᠭᠠᠯᠳᠤᠭᠴᠢ᠂ ᠢᠯᠡᠴᠢᠯᠡᠨ ᠮᠡᠳᠡᠭᠦᠯᠦᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠵᠤ᠂ ᠵᠠᠭᠠᠯᠳᠤᠭᠴᠢ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃
ᠵᠢᠷᠭᠤᠳᠤᠭᠠᠷ ᠪᠦᠯᠦᠭ ᠬᠠᠤᠯᠢ ᠴᠠᠭᠠᠵᠡ ᠶᠢᠨ ᠬᠠᠷᠢᠭᠤᠴᠠᠯᠭ᠎ᠠ
ᠳᠥᠴᠢᠨ ᠳᠥᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠶ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃
ᠳᠥᠴᠢᠨ ᠲᠠᠪᠤᠳᠤᠭᠠᠷ ᠵᠦᠢᠯ ᠲᠤᠰ ᠠᠷᠭ᠎ᠠ ᠶᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠨᠢᠭᠡᠨᠳᠡ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠤᠭᠰᠠᠨ ᠲᠥᠷᠥᠯ ᠵᠦᠢᠯ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠠᠷᠠᠯᠵᠢᠶᠠᠯᠠᠭᠰᠠᠨ ᠦᠭᠡᠶ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ ᠰᠡᠷᠡᠮᠵᠢᠯᠡᠭᠦᠯᠭᠦ ᠪᠤᠶᠤ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠨ᠎ᠡ᠃
ᠳᠥᠴᠢᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭᠠᠨ ᠳᠤ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠬᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠬᠦ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠣᠯ᠂ ᠡᠷᠬᠡᠲᠦ ᠪᠠᠶᠢᠭᠤᠯᠭ᠎ᠠ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ
ᠳᠥᠴᠢᠨ ᠳᠣᠯᠣᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠥᠷᠥᠯ ᠵᠦᠢᠯ ᠡᠭᠦᠰᠬᠡᠭᠴᠢ ᠭᠡᠳᠡᠭ ᠲᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠣᠷᠣᠯᠴᠠᠭᠰᠠᠨ ᠳᠠᠭᠠᠭᠠᠴᠢᠯᠠᠯᠲᠠ ᠵᠠᠷᠯᠠᠭᠴᠢ᠂ ᠬᠤᠳᠠᠯᠳᠤᠨ ᠠᠪᠤᠭᠴᠢ᠂ ᠲᠦᠯᠦᠪᠦᠷᠢᠲᠡᠢ ᠰᠢᠯᠵᠢᠭᠦᠯᠦᠭᠴᠢ᠂ ᠰᠢᠯᠵᠢᠭᠦᠯᠦᠨ ᠥᠭᠭᠦᠭᠴᠢ ᠵᠡᠷᠭᠡ ᠪᠠᠭᠲᠠᠨ᠎ᠠ︔ ᠲᠤᠰ ᠠᠷᠭ᠎ᠠ ᠳᠤ ᠬᠡᠯᠡᠵᠦ ᠪᠠᠶᠢᠭ᠎ᠠ ᠲᠥᠷᠥᠯ ᠵᠦᠢᠯ ᠳᠠᠭᠠᠭᠴᠢ ᠭᠡᠳᠡᠭ ᠲᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠣᠷᠣᠯᠴᠠᠭᠰᠠᠨ ᠳᠠᠭᠠᠭᠠᠴᠢᠯᠠᠯᠲᠠ ᠬᠦᠯᠢᠶᠡᠭᠴᠢ᠂ ᠬᠠᠩᠭᠠᠯᠭ᠎ᠠ ᠶᠢᠨ ᠬᠤᠳᠠᠯᠳᠤᠭᠠᠴᠢᠨ᠂ ᠥᠷᠢᠰᠥᠯᠳᠦᠨ ᠬᠤᠳᠠᠯᠳᠤᠨ ᠠᠪᠤᠭᠴᠢ ᠵᠡᠷᠭᠡ ᠪᠠᠭᠲᠠᠨ᠎ᠠ᠃
ᠳᠥᠴᠢᠨ ᠨᠠᠢᠮᠠᠳᠤᠭᠠᠷ ᠵᠦᠢᠯ ᠲᠤᠰ ᠠᠷᠭ᠎ᠠ ᠶᠢ 2025 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
22024 ᠣᠨ ᠤ 12 ᠳ᠋ᠤᠭᠠᠷ ᠰᠠᠷ᠎ᠠ ᠶᠢᠨ 17 ᠤ ᠡᠳᠦᠷ ᠳᠠᠷᠤᠮᠠᠯᠯᠠᠨ ᠲᠠᠷᠬᠠᠭᠠᠪᠠ