|
ᠬᠠᠤᠯᠢ ᠴᠠᠭᠠᠵᠠ ᠶᠢᠨ ᠲᠢᠩᠬᠢᠮ ᠪᠥᠬᠦ ᠣᠷᠣᠨ ᠤ ᠬᠠᠤᠯᠢᠴᠢ ᠶᠢᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ |
|
|
ᠨᠡᠶᠢᠲᠡᠯᠡᠭᠰᠡᠨ ᠴᠠᠭ᠄
2025/2/17
|
|
ᠬᠠᠤᠯᠢ ᠴᠠᠭᠠᠵᠠ ᠶᠢᠨ ᠲᠢᠩᠬᠢᠮ ᠪᠥᠬᠦ ᠣᠷᠣᠨ ᠤ ᠬᠠᠤᠯᠢᠴᠢ ᠶᠢᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ 2024 ᠣᠨ ᠤ ᠡᠴᠦᠰ ᠪᠣᠯᠲᠠᠯ᠎ᠠ᠂ ᠪᠥᠬᠦ ᠣᠷᠣᠨ ᠳᠤ ᠠᠵᠢᠯ ᠡᠷᠬᠢᠯᠡᠬᠦ ᠬᠢᠷᠢ ᠭᠡᠮ ᠲᠠᠢ ᠬᠠᠤᠯᠢᠴᠢ ᠨᠡᠶᠢᠲᠡ 15666 ᠬᠥᠮᠥᠨ ᠪᠠᠶᠢᠵᠤ᠂ ᠪᠥᠬᠦ ᠣᠷᠣᠨ ᠤ ᠲᠦᠮᠡᠨ ᠬᠥᠮᠥᠨ ᠪᠦᠷᠢ ᠳᠤ 6.5 ᠬᠠᠤᠯᠢᠴᠢ ᠨᠣᠭᠳᠠᠨ᠎ᠠ ᠃ ᠪᠥᠬᠦ ᠣᠷᠣᠨ ᠳᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠡᠶᠢᠲᠡ 960 ᠡᠷᠦᠬᠡ ᠪᠤᠢ᠂ ᠡᠭᠦᠨ ᠳᠤ ᠬᠤᠷᠰᠢᠭᠰᠠᠨ ᠬᠡᠷᠡᠭ ᠡᠷᠬᠢᠯᠡᠬᠦ ᠭᠠᠵᠠᠷ 584 ᠡᠷᠦᠬᠡ ᠪᠠᠶᠢᠵᠤ᠂ 60.8% ᠶᠢ ᠡᠵᠡᠯᠡᠪᠡ᠃ 2024 ᠣᠨ ᠳᠤ᠂ ᠪᠥᠬᠦ ᠣᠷᠣᠨ ᠤ ᠬᠠᠤᠯᠢᠴᠢᠳ ᠡᠯ᠎ᠡ ᠲᠥᠷᠥᠯ ᠤᠨ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠨᠡᠶᠢᠲᠡ 28.34 ᠲᠦᠮᠡᠨ ᠬᠤᠪᠢ ᠭᠦᠢᠴᠡᠳᠬᠡᠵᠦ᠂ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠪᠡ︔ ᠬᠠᠤᠯᠢᠴᠢ ᠶᠢᠨ ᠰᠦᠢᠳᠬᠡᠯ ᠬᠤᠷᠢᠶᠠᠭᠰᠠᠨ ᠨᠢ ᠪᠠᠷᠤᠭ 18.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠡᠢ᠃ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠲᠠᠰᠤᠷᠠᠯᠳᠠ ᠦᠭᠡᠢ ᠭᠦᠨᠵᠡᠭᠡᠶᠢᠷᠡᠵᠦ᠂ ᠪᠦᠬᠦ ᠵᠢᠯ ᠳᠤ ᠡᠯ᠎ᠡ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠳᠡ 2 ᠲᠦᠮᠡ ᠭᠠᠷᠤᠢ ᠬᠤᠪᠢ ᠬᠠᠩᠭᠠᠪᠠ᠂ ᠡᠭᠦᠨ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ 1.72 ᠲᠦᠮᠡᠨ ᠬᠤᠪᠢ ᠭᠦᠢᠴᠡᠳᠬᠡᠪᠡ᠃ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠥᠬᠦ ᠣᠷᠣᠨ ᠤ ᠲᠤᠰ ᠠᠵᠢᠯᠯᠠᠭ᠎ᠠ ᠳᠤ ᠣᠷᠣᠯᠴᠠᠭᠰᠠᠨ ᠬᠠᠤᠯᠢᠴᠢ ᠶᠢᠨ ᠲᠤᠭ᠎ᠠ 1.8 ᠲᠦᠮᠡ ᠭᠠᠷᠤᠢ ᠬᠥᠮᠥᠨ ᠤᠳᠠᠭ᠎ᠠ ᠳᠤ ᠬᠦᠷᠴᠦ᠂ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ 18 ᠲᠦᠮᠡ ᠭᠠᠷᠤᠢ ᠤᠳᠠᠭ᠎ᠠ ᠬᠠᠩᠭᠠᠵᠤ᠂ 45 ᠲᠦᠮᠡ ᠭᠠᠷᠤᠢ ᠣᠯᠠᠨ ᠲᠦᠮᠡᠨ ᠳᠤ ᠠᠰᠢᠭ ᠬᠦᠷᠲᠡᠭᠡᠪᠡ︔ ︽ ᠬᠠᠤᠯᠢᠵᠢᠯ ᠤᠨ ᠪᠡᠶ᠎ᠡ ᠶᠢᠨ ᠪᠠᠶᠢᠴᠠᠭᠠᠯᠲᠠ︾ ᠶᠢ 6800 ᠭᠠᠷᠤᠢ ᠤᠳᠠᠭ᠎ᠠ ᠥᠷᠨᠢᠭᠦᠯᠵᠦ᠂ ᠠᠵᠤ ᠠᠬᠤᠶᠢᠯᠠᠯ ᠳᠤ ᠡᠯ᠎ᠡ ᠲᠦᠷᠦᠯ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ 4.2 ᠲᠦᠮᠡ ᠭᠠᠷᠤᠢ ᠤᠳᠠᠭ᠎ᠠ ᠬᠠᠩᠭᠠᠪᠠ᠃ ︵ᠬᠠᠤᠯᠢ ᠴᠠᠭᠠᠵᠠ ᠶᠢᠨ ᠲᠢᠩᠬᠢᠮ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|