ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠠᠴᠠ ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠤᠨ ᠨᠡᠷᠡᠰ ᠤᠨ ᠪᠦᠷᠢᠳᠬᠡᠯ ︵2024 ᠣᠨ ᠤ ᠬᠡᠪᠯᠡᠯ︶︾ ᠢ ᠨᠡᠶᠢᠲᠡᠯᠡᠵᠦ᠂ ᠥᠪᠥᠷ ᠮᠣᠩᠭᠤᠯ ᠠᠴᠠ ᠨᠡᠶᠢᠲᠡ 46 ᠡᠭᠦᠯᠳᠡᠷ ᠰᠤᠩᠭᠤᠭᠳᠠᠭᠰᠠᠨ ᠪᠠᠶᠢᠨ᠎ᠠ ᠃ ᠡᠭᠦᠨ ᠳᠤ᠂ ᠮᠣᠩᠭᠤᠯ ᠦᠬᠡᠷ᠂ ᠠᠯᠠᠱᠠ ᠶᠢᠨ ᠬᠤᠣᠰ ᠪᠥᠬᠦᠲᠦ ᠲᠡᠮᠡᠭᠡ ᠵᠡᠷᠭᠡ ᠣᠷᠣᠨ ᠨᠤᠲᠤᠭ ᠤᠨ 21 ᠤᠳᠤᠮᠯᠠᠯ ᠤᠨ ᠡᠬᠢ ᠪᠠᠶᠠᠯᠢᠭ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠤᠯᠠᠭᠠᠨ ᠦᠬᠡᠷ᠂ ᠰᠠᠨ ᠾᠧ ᠦᠬᠡᠷ ᠵᠡᠷᠭᠡ ᠪᠣᠶᠢᠵᠢᠭᠤᠯᠤᠭᠰᠠᠨ 24 ᠡᠭᠦᠯᠳᠡᠷ ᠪᠠ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠤᠨ ᠲᠠᠯ᠎ᠠ ᠨᠤᠲᠤᠭ ᠤᠨ ᠴᠠᠭᠠᠨ ᠥᠳᠥᠲᠦ ᠠᠯᠠᠰᠢᠨ ᠨᠤᠭᠤᠰᠤ ᠭᠡᠬᠦ ᠢᠵᠢ ᠪᠦᠷᠢᠳᠦᠭᠰᠡᠨ 1 ᠤᠳᠤᠮᠯᠠᠯ ᠨᠢ ᠲᠤᠰ ᠨᠡᠷᠡᠰ ᠤᠨ ᠵᠢᠭᠰᠠᠭᠠᠯᠲᠠ ᠳᠤ ᠰᠤᠩᠭᠤᠭᠳᠠᠵᠠᠢ ᠃
ᠥᠪᠥᠷ ᠮᠣᠩᠭᠤᠯ ᠤᠨ ᠮᠠᠯ ᠵᠢᠭᠦᠷᠲᠡᠨ ᠤ ᠡᠬᠢ ᠪᠠᠶᠠᠯᠢᠭ ᠡᠯᠪᠡᠭ᠂ ᠵᠣᠬᠢᠴᠠᠬᠤ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠡᠲᠡᠭᠡᠷ ᠡᠭᠦᠯᠳᠡᠷ ᠪᠠ ᠤᠳᠤᠮᠯᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠪᠠ ᠠᠰᠢᠭᠯᠠᠬᠤ ᠨᠢ ᠮᠠᠯ ᠠᠵᠤ ᠠᠬᠤᠢ ᠶᠢᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃ 2021 ᠣᠨ ᠠᠴᠠ ᠨᠠᠭᠠᠰᠢ ᠂ ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠭᠰᠡᠨ ᠰᠠᠭᠤᠷᠢᠨ ᠳᠡᠭᠡᠷ᠎ᠡ ᠣᠷᠣᠨ ᠨᠤᠲᠤᠭ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠭᠦᠨ ᠠᠭᠤᠳᠠᠯᠵᠤ᠂ ᠥᠪᠡᠷᠮᠢᠴᠡ ᠣᠨᠴᠠᠯᠢᠭ ᠲᠠᠢ᠂ ᠬᠤᠪᠣᠷ ᠴᠤᠬᠠᠭ᠂ ᠣᠷᠣᠨ ᠨᠤᠲᠤᠭ ᠤᠨ ᠤᠰᠠᠳᠬᠤ ᠰᠢᠬᠠᠭᠰᠠᠨ ᠤᠳᠤᠮᠯᠠᠯ ᠤᠨ ᠡᠬᠢ ᠪᠠᠶᠠᠯᠢᠭ ᠲᠤ ᠠᠮᠢᠳᠤ ᠴᠣᠭᠴᠠ ᠶᠢᠨ ᠬᠠᠮᠠᠭᠠᠯᠠᠯᠲᠠ ᠬᠢᠵᠦ᠂ ᠤᠳᠤᠮᠯᠠᠯ ᠤᠨ ᠮᠠᠲ᠋ᠧᠷᠢᠶᠠᠯ ᠢ ᠴᠤᠭᠯᠠᠭᠤᠯᠵᠤ ᠦᠢᠯᠡᠳᠬᠦ ᠪᠠ ᠭᠧᠨ ᠢ ᠠᠭᠤᠳᠠᠯᠵᠤ ᠬᠢᠨᠠᠨ ᠲᠣᠭᠲᠠᠭᠠᠬᠤ ᠠᠵᠢᠯ ᠢ ᠶᠡᠭᠡ ᠪᠠᠷ ᠥᠷᠨᠢᠭᠦᠯᠵᠦ᠂ ︽ ᠬᠠᠮᠠᠭᠠᠯᠠᠯᠲᠠ ︾ ᠶᠢᠨ ᠪᠦᠷᠬᠦᠴᠡ ᠶᠢ ᠲᠠᠰᠤᠷᠠᠯᠲᠠ ᠦᠭᠡᠢ ᠥᠷᠭᠡᠳᠬᠡᠪᠡ᠃
︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠤᠨ ᠨᠡᠷᠡᠰ ᠤᠨ ᠪᠦᠷᠢᠳᠬᠡᠯ ︵2021 ᠣᠨ ᠤ ᠬᠡᠪᠯᠡᠯ︶︾ ᠲᠠᠢ ᠬᠠᠷᠢᠴᠠᠭᠤᠯᠪᠠᠯ᠂ ᠲᠣᠰ ᠤᠳᠠᠭ᠎ᠠ ᠥᠪᠥᠷ ᠮᠣᠩᠭᠤᠯ ᠠᠴᠠ ᠵᠠᠰᠠᠭᠲᠤ ᠬᠤᠨᠢ ᠭᠡᠬᠦ ᠣᠷᠣᠨ ᠨᠤᠲᠤᠭ ᠤᠨ 1 ᠤᠳᠤᠮᠯᠠᠯ ᠤᠨ ᠡᠬᠢ ᠪᠠᠶᠠᠯᠢᠭ ᠪᠠ ᠬᠤᠸᠠ ᠰᠢ ᠦᠬᠡᠷ᠂ ᠳ᠋ᠦ᠋ ᠮᠧᠩ ᠬᠤᠨᠢ᠂ ᠬᠤᠸᠠ ᠮᠧᠩ ᠠᠯᠠᠰᠢᠨ ᠬᠤᠨᠢ ᠵᠡᠷᠭᠡ ᠪᠤᠶᠢᠵᠢᠭᠤᠯᠤᠭᠰᠠᠨ 3 ᠡᠭᠦᠯᠳᠡᠷ ᠰᠢᠨ᠎ᠡ ᠪᠠᠷ ᠨᠡᠮᠡᠭᠳᠡᠭᠰᠡᠨ ᠪᠠᠶᠢᠨ᠎ᠠ᠃ ᠡᠨᠡ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ︿ᠴᠢᠫ﹀ ᠢ ᠪᠣᠶ ᠪᠣᠯᠭᠠᠵᠤ᠂ ᠣᠲᠣ ᠦᠶ᠎ᠡ ᠶᠢᠨ ᠮᠠᠯ ᠠᠵᠤ ᠠᠬᠤᠢ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠰᠠᠭᠤᠷᠢ ᠶᠢ ᠲᠠᠯᠪᠢᠵᠤ ᠥᠭᠭᠦᠭᠰᠡᠨ ᠶᠤᠮ ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠸᠠᠩ ᠭᠠᠩ ᠬᠡᠯᠡᠪᠡ ᠃
ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠡᠭᠦᠯᠳᠡᠷ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠠᠵᠤ ᠦᠢᠯᠡᠰ ᠤᠨ ᠬᠥᠭᠵᠢᠯᠲᠡ ᠯᠦᠭᠡ ᠣᠷᠭᠠᠨᠢᠭ ᠢᠶᠠᠷ ᠵᠣᠯᠭᠠᠭᠤᠯᠬᠤ ᠪᠠᠨ ᠠᠬᠢᠭᠤᠯᠵᠤ᠂ ᠭᠤᠣᠯ ᠪᠣᠯᠬᠤ ᠮᠠᠯ ᠵᠢᠭᠦᠷᠲᠡᠨ ᠤ ᠡᠭᠦᠯᠳᠡᠷ ᠤᠨ ᠢᠷᠡᠯᠲᠡ ᠶᠢ ᠪᠡᠶ᠎ᠡ ᠪᠠᠨ ᠳᠠᠭᠠᠭᠠᠵᠤ ᠡᠵᠡᠮᠳᠡᠵᠦ ᠳᠡᠶᠢᠯᠬᠦ ᠶᠢ ᠦᠨᠡᠨ ᠬᠦ ᠪᠠᠲᠤᠯᠠᠨ᠎ᠠ᠃