2 ᠳ᠋ᠤᠭᠠᠷ ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠬᠢᠨ ᠨᠤᠷᠠᠭᠠᠯᠲᠠ ᠴᠢᠨᠠᠷᠲᠠᠢ ᠮᠡᠷᠭᠡᠵᠢᠯ ᠤᠨ ᠬᠡᠷᠡᠭᠯᠡᠯᠲᠡ ᠶᠢᠨ ᠠᠬᠤᠢ ᠪᠠᠶᠢᠳᠠᠯ ᠢ ᠪᠠᠶᠢᠭᠤᠯᠬᠤ ᠲᠠᠯ᠎ᠠ ᠪᠠᠷ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠣᠳᠣᠬᠠᠨ ᠳᠤ᠂ ᠬᠥᠬᠡᠬᠤᠲᠠ ᠶᠢᠨ ᠬᠢᠨ ᠤ ᠣᠨᠣᠴᠠᠲᠠᠢ ᠵᠣᠯᠭᠠᠭᠤᠯᠤᠭᠰᠠᠨ ᠨᠤᠷᠠᠭᠠᠯᠲᠠ ᠴᠢᠨᠠᠷᠲᠠᠢ ᠮᠡᠷᠭᠡᠵᠢᠯ ᠤᠨ ᠲᠦᠷᠦᠯ ᠵᠦᠢᠯ 22 ᠪᠣᠯᠤᠭᠰᠠᠨ ᠪᠥᠭᠡᠳ 2 ᠳ᠋ᠦᠩᠰᠢᠭᠤᠷ ᠲᠥᠭᠦᠷᠢᠭ ᠤᠨ ᠬᠡᠪᠴᠢᠶᠡᠵᠢᠯ ᠲᠠᠢ ᠬᠥᠬᠡᠬᠤᠲᠠ ᠶᠢᠨ ᠨᠤᠷᠠᠭᠠᠯᠲᠠ ᠴᠢᠨᠠᠷᠲᠠᠢ ᠮᠡᠷᠭᠡᠵᠢᠯ ᠤᠨ ᠲᠤᠰᠬᠠᠢ ᠰᠠᠭᠤᠷᠢ ᠮᠥᠩᠭᠦ ᠶᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠨᠤᠷᠠᠭᠠᠯᠲᠠ ᠴᠢᠨᠠᠷᠲᠠᠢ ᠮᠡᠷᠭᠡᠵᠢᠯ ᠢ ᠤᠯᠠᠷᠢᠭᠤᠯᠬᠤ ᠪᠠ ᠪᠣᠳᠠᠲᠠᠶᠢᠵᠢᠭᠤᠯᠬᠤ ᠶᠢ ᠠᠬᠢᠭᠤᠯᠵᠠᠢ᠃
ᠣᠶᠢᠷ᠎ᠠ ᠶᠢᠨ ᠵᠢᠯ ᠤᠳ ᠲᠤ᠂ ᠬᠥᠬᠡᠬᠤᠲᠠ ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠢ ᠬᠠᠮᠲᠤᠷᠠᠯᠴᠠᠭ᠎ᠠ ᠶᠢ ᠲᠣᠭᠲᠠᠭᠤᠨ ᠢᠶᠠᠷ ᠠᠬᠢᠭᠤᠯᠵᠤ᠂ ᠲᠣᠮᠣ ᠬᠡᠪᠴᠢᠶᠡᠨ ᠤ ᠰᠤᠳᠤᠯᠭᠠᠨ ᠤ ᠬᠦᠷᠢᠶᠡᠯᠡᠩ ᠪᠠ ᠭᠠᠵᠠᠷ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠦᠭᠰᠡᠨ ᠢᠶᠠᠷ ᠦᠯᠦ ᠪᠠᠷᠠᠨ᠂ ︽ᠤᠯᠤᠰ ᠤᠨ ᠨᠡᠷᠡᠮᠵᠢ ᠲᠡᠮᠳᠡᠭᠲᠦ︾ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠬᠠᠮᠵᠢᠯᠴᠠᠨ ᠠᠵᠢᠯᠯᠠᠵᠤ ᠬᠠᠮᠲᠤ ᠪᠠᠷ ᠠᠰᠢᠭ ᠬᠦᠷᠲᠡᠵᠡᠢ᠃ ᠬᠥᠬᠡᠬᠤᠲᠠ ᠰᠤᠳᠤᠯᠭᠠᠨ ᠤ ᠲᠥᠪ 2024 ᠣᠨ ᠤ 6 ᠳ᠋ᠤᠭᠠᠷ ᠰᠠᠷ᠎ᠠ ᠶᠢᠨ 22 ᠤᠨ ᠡᠳᠦᠷ ᠪᠠᠶᠢᠭᠤᠯᠤᠭᠳᠠᠭᠰᠠᠨ ᠠᠴᠠ ᠨᠠᠭᠠᠰᠢ᠂ ︽ᠨᠢᠭᠡ ᠲᠠᠪᠴᠠᠩ ︵ᠨᠤᠷᠠᠭᠠᠯᠲᠠ ᠴᠢᠨᠠᠷᠲᠠᠢ ᠮᠡᠷᠭᠡᠵᠢᠯ ᠪᠠ ᠬᠤᠰᠢᠭᠤᠷᠠᠯ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ︶᠂ ᠨᠢᠭᠡ ᠬᠦᠢᠰᠦ ︵ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠬᠦᠢᠰᠦ︶᠂ ᠨᠢᠭᠡ ᠰᠦᠯᠵᠢᠶ᠎ᠡ ︵ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠰᠦᠯᠵᠢᠶ᠎ᠡ︶︾ ᠶᠢ ᠪᠠᠶᠢᠭᠤᠯᠬᠤ ᠪᠠᠷ ᠳᠠᠮᠵᠢᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠬᠥᠭᠵᠢᠯᠲᠡ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠯᠴᠠᠭ᠎ᠠ ᠶᠢ ᠪᠦᠲᠦᠭᠡᠪᠡ᠃
ᠪᠣᠳᠠᠲᠠᠢ ᠲᠥᠷᠥᠯ ᠵᠦᠢᠯ ᠤᠨ ᠬᠠᠮᠲᠤᠷᠠᠯᠴᠠᠭᠠᠨ ᠤ ᠲᠠᠯ᠎ᠠ ᠪᠠᠷ᠂ ᠲᠦᠮᠡᠳ ᠵᠡᠭᠦᠨ ᠬᠤᠰᠢᠭᠤ ᠨᠢ ᠭᠤᠸᠠᠩᠵᠧᠦ ᠶᠢᠨ ᠵᠢᠩ ᡁᠢ ᠸᠧᠢ ᠯᠠᠢ ᠣᠶᠤᠨᠴᠢ ᠬᠢᠵᠠᠭᠠᠷᠲᠤ ᠺᠣᠮᠫᠠᠨᠢ ᠯᠤᠭ᠎ᠠ ᠨᠤᠷᠠᠭᠠᠯᠲᠠ ᠴᠢᠨᠠᠷᠲᠠᠢ ᠬᠡᠢ ᠪᠡᠶᠡᠲᠦ ᠵᠠᠳᠠᠯᠬᠤ ᠮᠡᠷᠭᠡᠵᠢᠯ ᠪᠠ ᠬᠡᠷᠡᠭᠯᠡᠯᠲᠡ ᠶᠢᠨ ᠲᠥᠪ ᠤᠨ ᠲᠥᠷᠥᠯ ᠵᠦᠢᠯ ᠤᠨ ᠲᠠᠯ᠎ᠠ ᠪᠠᠷ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠪᠠᠶᠢᠪᠠ᠃ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠨᠢ ᠪᠡᠭᠡᠵᠢᠩ ᠤᠨ ᠰᠢᠶᠧ ᠲᠥᠩ ᠢᠳᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠯᠤᠭ᠎ᠠ ᠰᠦ ᠰᠠᠭᠠᠯᠢ ᠶᠢᠨ ᠦᠢᠯᠡᠰ ᠤᠨ ᠬᠦᠷᠢᠶᠡᠨ ᠳᠠᠬᠢ ᠵᠠᠩᠭᠢᠯᠠᠭ᠎ᠠ ᠶᠢᠨ ᠭᠤᠣᠯ ᠲᠣᠨᠤᠭ ᠢ ᠤᠯᠤᠰ ᠤᠨ ᠳᠣᠲᠣᠭᠠᠳᠤ ᠳᠤ ᠦᠢᠯᠡᠳᠪᠦᠷᠢᠯᠡᠬᠦ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠪᠡ︔ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ︵ᠪᠡᠯᠡᠳᠬᠡᠯ︶ ᠨᠢ ᠱᠠᠩᠬᠠᠢ ᠶᠢᠨ ᠭᠦᠢ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠯᠤᠭ᠎ᠠ ᠨᠡᠶᠢᠯᠡᠮᠡᠯ ᠠᠮᠢᠳᠤ ᠪᠣᠳᠠᠰ ᠤᠨ ᠬᠤᠰᠢᠭᠤᠷᠠᠯ ᠮᠡᠷᠭᠡᠵᠢᠯ ᠤᠨ ᠲᠤᠷᠰᠢᠯᠲᠠ ᠶᠢᠨ ᠲᠠᠰᠤᠭ ᠢ ᠬᠠᠮᠲᠤ ᠪᠠᠷ ᠪᠠᠶᠢᠭᠤᠯᠵᠤ᠂ ᠲᠡᠵᠢᠭᠡᠯ ᠡᠪᠡᠰᠦᠨ ᠤ RNA ᠠᠮᠢᠳᠤ ᠪᠣᠳᠠᠰ ᠤᠨ ᠲᠠᠷᠢᠶᠠᠨ ᠡᠮ ᠢ ᠵᠠᠬᠢᠶᠠᠯᠠᠨ ᠦᠢᠯᠡᠳᠴᠦ ᠨᠡᠭᠡᠭᠡᠨ ᠬᠥᠭᠵᠢᠭᠭᠦᠯᠬᠦ ᠪᠠᠷ ᠪᠠᠶᠢᠨ᠎ᠠ᠃ ᠡᠭᠦᠨ ᠠᠴᠠ ᠭᠠᠳᠠᠨ᠎ᠠ᠂ ᠬᠥᠬᠡᠬᠤᠲᠠ ᠶᠢᠨ ᠬᠢᠨ ᠪᠠᠰᠠ ᠠᠵᠤ ᠦᠢᠯᠡᠳᠪᠦᠷᠢ ᠶᠢᠨ ᠵᠥᠭᠡᠯᠡᠨ ᠬᠡᠷᠡᠭᠰᠡᠯ᠂ ᠡᠷᠴᠢᠯᠡᠭᠦᠷ ᠬᠦᠷᠳᠦᠨ ᠤ ᠡᠨᠧᠷᠭᠢ ᠨᠥᠭᠡᠴᠡᠯᠡᠬᠦ᠂ ᠰᠦᠯᠵᠢᠶᠡᠨ ᠤ ᠠᠮᠤᠷ ᠲᠦᠪᠰᠢᠨ᠂ ᠣᠶᠤᠨᠴᠢ ᠰᠡᠷᠡᠯ ᠳᠠᠮᠵᠢᠭᠤᠯᠬᠤ ᠵᠡᠷᠭᠡ ᠬᠦᠷᠢᠶᠡᠨ ᠳᠠᠬᠢ ᠨᠤᠷᠠᠭᠠᠯᠲᠠ ᠴᠢᠨᠠᠷᠲᠠᠢ ᠮᠡᠷᠭᠡᠵᠢᠯ ᠪᠦᠬᠦᠢ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 6 ᠠᠵᠤ ᠠᠬᠤᠶᠢᠯᠠᠯ ᠢ ᠠᠮᠵᠢᠯᠲᠠ ᠲᠠᠢ ᠪᠠᠷ ᠤᠷᠢᠨ ᠠᠪᠴᠢᠷᠠᠵᠤ᠂ ᠲᠤᠬᠠᠢ ᠶᠢᠨ ᠭᠠᠵᠠᠷ ᠲᠤ ᠪᠠᠨ ᠪᠦᠷᠢᠨ ᠪᠡᠯᠡᠳᠦ ᠳᠠᠭᠠᠯᠲᠠ ᠺᠣᠮᠫᠠᠨᠢ ᠪᠤᠶᠤ ᠪᠡᠯᠡ ᠨᠡᠶᠢᠯᠡᠭᠦᠯᠦᠭᠰᠡᠨ ᠺᠣᠮᠫᠠᠨᠢ ᠪᠠᠶᠢᠭᠤᠯᠵᠠᠢ᠃
2025 ᠣᠨ ᠪᠣᠯᠬᠤ ᠳᠤ᠂ ᠬᠥᠬᠡᠬᠤᠲᠠ ︽ᠵᠢᠷᠭᠤᠭᠠᠨ ᠠᠵᠢᠯᠯᠠᠭᠠᠨ︾ ᠢ ᠪᠦᠬᠦ ᠬᠦᠴᠦᠨ ᠢᠶᠠᠷ ᠠᠬᠢᠭᠤᠯᠵᠤ ᠪᠣᠢ᠂ ᠡᠭᠦᠨ ᠳᠤ ︽ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯᠯᠠᠭᠠᠨ︾ ᠨᠢ ᠪᠡᠭᠡᠵᠢᠩ ᠥᠪᠥᠷ ᠮᠣᠩᠭᠤᠯ ᠤᠨ ᠪᠦᠬᠦ ᠲᠠᠯ᠎ᠠ ᠶᠢᠨ ᠬᠠᠮᠲᠤᠷᠠᠯᠴᠠᠭ᠎ᠠ ᠶᠢ ᠴᠢᠬᠤᠯᠠ ᠪᠠᠶᠢᠷᠢᠨ ᠳᠤ ᠲᠠᠯᠪᠢᠬᠤ ᠪᠣᠯᠣᠨ᠎ᠠ᠃ ᠣᠷᠣᠨ ᠤ ᠲᠥᠪ ᠤᠨ ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠵᠢᠯ︾ ᠪᠠ ᠢᠷᠡᠭᠡᠳᠦᠢ ᠶᠢᠨ ᠠᠵᠤ ᠦᠢᠯᠡᠰ ᠤᠨ ᠨᠤᠷᠠᠭᠠᠯᠲᠠ ᠴᠢᠨᠠᠷᠲᠠᠢ ᠮᠡᠷᠭᠡᠵᠢᠯ ᠪᠠ ᠲᠥᠷᠥᠯ ᠵᠦᠢᠯ ᠳᠤ ᠴᠢᠭᠯᠡᠭᠦᠯᠦᠨ᠂ ᠲᠥᠷᠥᠯ ᠵᠦᠢᠯ ᠢ ᠵᠣᠯᠭᠠᠭᠤᠯᠬᠤ ᠠᠵᠢᠯ ᠢᠶᠠᠨ ᠪᠠᠶᠢᠩᠭᠤᠰᠢᠭᠤᠯᠤᠨ ᠥᠷᠨᠢᠭᠦᠯᠵᠦ᠂ ᠨᠤᠷᠠᠭᠠᠯᠲᠠ ᠴᠢᠨᠠᠷᠲᠠᠢ ᠮᠡᠷᠭᠡᠵᠢᠯ ᠤᠨ ᠲᠤᠰᠬᠠᠢ ᠰᠠᠭᠤᠷᠢ ᠮᠥᠩᠭᠦᠨ ᠤ ᠳᠠᠶᠢᠴᠢᠯᠠᠨ ᠨᠡᠮᠡᠭᠳᠡᠭᠦᠯᠬᠦ ᠦᠢᠯᠡᠳᠦᠯ ᠢ ᠨᠢ ᠪᠠᠳᠠᠷᠠᠭᠤᠯᠵᠤ᠂ ᠥᠨᠳᠥᠷ ᠥᠰᠦᠯᠲᠡ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 10 ᠣᠷᠴᠢᠮ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠤᠨ᠎ᠠ᠂ ᠵᠢᠯ ᠤᠨ ᠳᠣᠲᠣᠷ᠎ᠠ ᠨᠠᠭᠠᠲᠤ ᠵᠠᠬ᠎ᠠ ᠳᠤ ᠪᠠᠨ 5 ᠨᠤᠷᠠᠭᠠᠯᠲᠠ ᠴᠢᠨᠠᠷᠲᠠᠢ ᠮᠡᠷᠭᠡᠵᠢᠯ ᠪᠠ ᠲᠥᠷᠥᠯ ᠵᠦᠢᠯ ᠢ ᠨᠠᠶᠢᠳᠠᠪᠤᠷᠢᠵᠢᠭᠤᠯᠤᠨ ᠤᠯᠠᠷᠢᠭᠤᠯᠬᠤ ᠪᠠᠨ ᠠᠬᠢᠭᠤᠯᠬᠤ ᠶᠢᠨ ᠬᠠᠮᠲᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ︾ ᠢ ᠨᠠᠶᠢᠳᠠᠪᠤᠷᠢᠵᠢᠭᠤᠯᠵᠤ᠂ ᠨᠤᠷᠠᠭᠠᠯᠲᠠ ᠴᠢᠨᠠᠷᠲᠠᠢ ᠮᠡᠷᠭᠡᠵᠢᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠡᠷᠢᠬᠦ᠂ ᠵᠠᠬᠢᠶᠠᠯᠠᠭ᠎ᠠ ᠣᠯᠬᠤ ᠶᠢ ᠨᠢ ᠳᠡᠮᠵᠢᠨ ᠬᠠᠪᠰᠤᠷᠴᠤ᠂ ᠨᠤᠷᠠᠭᠠᠯᠲᠠ ᠴᠢᠨᠠᠷᠲᠠᠢ ᠮᠡᠷᠭᠡᠵᠢᠯ ᠤᠨ ᠬᠡᠷᠡᠭᠯᠡᠯᠲᠡ ᠶᠢᠨ ᠠᠬᠤᠢ ᠪᠠᠶᠢᠳᠠᠯ ᠢ ᠬᠦᠴᠦ ᠪᠠᠨ ᠬᠠᠮᠲᠤᠳᠬᠠᠨ ᠪᠠᠶᠢᠭᠤᠯᠵᠤ᠂ ︽ᠨᠢᠭᠡ ᠲᠥᠪ + ᠨᠢᠭᠡ ᠪᠦᠯᠦᠭ ᠥᠨᠳᠥᠷ ᠥᠰᠦᠯᠲᠡ ᠶᠢᠨ ᠴᠢᠨᠠᠷᠲᠠᠢ ᠠᠵᠤ ᠠᠬᠤᠶᠢᠯᠠᠯ + ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ︾ ᠤᠨ ᠬᠥᠭᠵᠢᠯᠲᠡ ᠶᠢᠨ ᠬᠡᠪ ᠵᠠᠭᠪᠤᠷ ᠢ ᠪᠣᠢ ᠪᠣᠯᠭᠠᠨ᠎ᠠ᠃