2 ᠰᠠᠷ᠎ᠠ ᠶᠢᠨ 26 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ ᠨᠢᠭᠡ ᠭᠤᠣᠯ ᠰᠢᠵᠢᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ︾ ᠶᠢᠨ ᠲᠣᠭᠤᠷᠢᠨ ᠳᠤ ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠮᠠᠨ ᠤ ᠣᠷᠣᠨ ᠤ ᠨᠡᠶᠢᠭᠡᠮ ᠤᠨ ᠠᠵᠢᠯ ᠢ ᠳᠡᠭᠡᠳᠦ ᠲᠦᠪᠰᠢᠨ ᠳᠤ ᠤᠷᠤᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃


2 ᠰᠠᠷ᠎ᠠ ᠶᠢᠨ 26 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ ᠃
ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠱᠢ ᠭᠤᠸᠠᠩ ᠬᠤᠢ ᠬᠤᠷᠠᠯ ᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ ᠃
ᠰᠦᠨ ᠱᠤᠤ ᠴᠧᠩ ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠦᠨᠳᠦᠰᠦᠨ ᠵᠠᠷᠴᠢᠮ ᠂ ᠦᠷᠳᠡᠭ ᠤᠨ ᠬᠠᠨᠳᠤᠰᠢ ᠂ ᠬᠥᠭᠵᠢᠯᠲᠡ ᠶᠢᠨ ᠴᠢᠭᠯᠡᠯ ᠂ ᠭᠤᠣᠯᠳᠠᠯᠭ᠎ᠠ ᠲᠠᠢ ᠡᠭᠦᠷᠭᠡ ᠂ ᠰᠠᠭᠤᠷᠢ ᠪᠠᠲᠤᠯᠠᠭ᠎ᠠ ᠵᠡᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ ᠂ ᠪᠠᠲᠤ ᠴᠢᠩᠭ᠎ᠠ ᠤᠯᠤᠰ ᠲᠦᠷᠦ ᠶᠢᠨ ᠤᠬᠠᠮᠰᠠᠷ ᠂ ᠵᠢᠭᠰᠠᠭᠠᠯ ᠤᠨ ᠭᠠᠵᠠᠷ ᠤᠨ ᠤᠬᠠᠮᠰᠠᠷ ᠪᠣᠯᠣᠨ ᠲᠦᠭᠰᠢᠭᠦᠷᠢ ᠶᠢᠨ ᠤᠬᠠᠮᠰᠠᠷ ᠢᠶᠠᠷ ᠳᠤᠲᠠᠭᠤᠳᠠᠯ ᠢᠶᠠᠨ ᠨᠥᠬᠦᠪᠦᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ ᠂ ᠨᠡᠶᠢᠭᠡᠮ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠃ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ ᠂ ᠨᠠᠮ ᠤᠨ ᠪᠠᠶᠢᠭᠤᠯᠤᠯᠲᠠ ᠶᠢᠨ ᠪᠦᠲᠦᠮᠵᠢᠳᠠᠢ ᠠᠷᠭ᠎ᠠ ᠶᠢ ᠢᠳᠡᠪᠬᠢᠲᠡᠢ ᠰᠦᠪᠡᠭᠴᠢᠯᠡᠵᠦ ᠂ ︽ ᠶᠠᠭᠠᠬᠢᠵᠤ ᠪᠠᠶᠢᠭᠤᠯᠬᠤ ︾ ᠂ ︽ ᠶᠠᠭᠠᠬᠢᠵᠤ ᠬᠡᠷᠡᠭᠯᠡᠬᠦ ︾ ᠂ ︽ ᠬᠡᠨ ᠬᠠᠷᠢᠭᠤᠴᠠᠬᠤ ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠰᠢᠨ᠎ᠡ ᠪᠠᠷ ᠮᠠᠨᠳᠤᠭᠰᠠᠨ ᠬᠦᠷᠢᠶᠡᠨ ᠤ ᠡᠯ᠎ᠡ ᠲᠦᠷᠦᠯ ᠤᠨ ᠬᠥᠮᠥᠰ ᠤᠨ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠣᠯᠣᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠭᠦᠨᠵᠡᠭᠡᠢ ᠠᠬᠢᠭᠤᠯᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠦᠢᠯᠡᠳᠦᠯ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠬᠢ ᠶᠢ ᠴᠢᠩᠭᠠᠳᠬᠠᠵᠤ ᠂ ᠳᠡᠭᠡᠷ᠎ᠡ ᠱᠠᠲᠤᠨ ᠤ ︽ ᠦᠢᠯᠡᠳᠦᠭᠰᠡᠨ ︾ ᠴᠢᠬᠤᠯᠠ ᠪᠤᠰᠤ ᠳᠠᠷᠤᠭᠠᠰᠤ ᠪᠣᠯᠣᠨ ᠳᠣᠣᠷ᠎ᠠ ᠱᠠᠲᠤᠨ ᠤ ︽ ᠥᠪᠡᠰᠦᠪᠡᠨ ᠦᠢᠯᠡᠳᠦᠭᠰᠡᠨ ︾ ᠢᠯᠡᠭᠦᠴᠡ ᠳᠠᠷᠤᠭᠠᠰᠤ ᠶᠢ ᠨᠢᠭᠡᠳᠦᠯᠲᠡᠢ ᠲᠥᠯᠥᠪᠵᠢᠭᠦᠯᠦᠨ ᠦᠨᠳᠦᠰᠦᠨ ᠠᠴᠠ ᠨᠢ ᠵᠠᠰᠠᠵᠤ ᠂ ᠬᠡᠮᠵᠢᠶ᠎ᠡ ᠠᠴᠠ ᠬᠡᠲᠦᠷᠡᠲᠡᠯ᠎ᠡ ᠭᠠᠳᠠᠭᠰᠢᠯᠠᠭᠤᠯᠬᠤ ᠂ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠂ ᠬᠡᠲᠦᠷᠡᠲᠡᠯ᠎ᠡ ᠮᠠᠯᠲᠠᠬᠤ ᠂ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠂ ᠲᠥᠰᠥᠪ ᠠᠴᠠ ᠬᠡᠲᠦᠷᠡᠭᠦᠯᠬᠦ ᠵᠡᠷᠭᠡ ᠡᠷᠦᠢ ᠬᠤᠷᠤᠢ ᠦᠭᠡᠢ ᠦᠵᠡᠭᠳᠡᠯ ᠢ ᠬᠦᠴᠦᠲᠡᠢ ᠴᠡᠭᠴᠡᠯᠡᠨ ᠵᠠᠰᠠᠵᠤ ᠂ ᠨᠡᠶᠢᠭᠡᠮ ᠤᠨ ᠵᠥᠷᠢᠴᠡᠯ ᠢ ᠭᠦᠨᠵᠡᠭᠡᠢ ᠠᠷᠢᠯᠭᠠᠵᠤ ᠂ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ ᠃ ᠣᠯᠠᠨ ᠲᠦᠮᠡᠨ ᠲᠠᠢ ᠪᠦᠯᠬᠦᠮᠳᠡᠨ ᠣᠯᠠᠨ ᠲᠦᠮᠡᠨ ᠳᠤ ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ︽ ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ︾ ᠲᠤᠬᠠᠢ ᠣᠯᠠᠨ ᠲᠦᠮᠡᠨ ᠤ ᠬᠥᠮᠦᠵᠢᠯ ᠢ ᠦᠷᠭᠦᠯᠵᠢᠯᠡᠨ ᠥᠷᠨᠢᠭᠦᠯᠵᠦ ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠷᠠᠳ ᠲᠦᠮᠡᠨ ᠤ ᠰᠠᠨᠠᠭᠤᠯᠭ᠎ᠠ ᠶᠢ ᠬᠤᠷᠢᠶᠠᠵᠤ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠪᠣᠯᠣᠨ ᠨᠡᠶᠢᠭᠡᠮ ᠤᠨ ᠠᠵᠢᠯ ᠤᠨ ᠲᠤᠰᠬᠠᠢ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ ᠂ ᠠᠷᠠᠳ ᠤᠨ ᠵᠣᠪᠠᠭᠤᠷᠢ ᠶᠢ ᠨᠠᠩ ᠰᠠᠶᠢᠲᠤᠷ ᠰᠢᠢᠳᠪᠦᠷᠢᠯᠡᠵᠦ ᠂ ᠠᠷᠠᠳ ᠤᠨ ᠣᠶᠤᠨ ᠤᠬᠠᠭᠠᠨ ᠢ ᠨᠠᠩ ᠰᠠᠶᠢᠲᠤᠷ ᠲᠥᠪᠯᠡᠷᠡᠭᠦᠯᠵᠦ ᠂ ᠠᠷᠠᠳ ᠤᠨ ᠰᠡᠳᠬᠢᠯ ᠢ ᠨᠠᠩ ᠰᠠᠶᠢᠲᠤᠷ ᠨᠢᠭᠲᠠᠷᠠᠭᠤᠯᠬᠤ ᠬᠡᠷᠡᠭᠲᠡᠢ ᠃ ᠨᠡᠶᠢᠭᠡᠮ ᠤᠨ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠲᠣᠳᠣᠷᠬᠠᠢ ᠂ ᠳᠦᠷᠢᠮ ᠲᠣᠭᠲᠠᠴᠠ ᠰᠢᠯᠢᠳᠡᠭ ᠂ ᠭᠡᠯᠪᠡᠷᠢ ᠠᠷᠭ᠎ᠠ ᠪᠠᠷᠢᠯ ᠰᠢᠨ᠎ᠡ ᠂ ᠲᠤᠰ ᠪᠡᠶ᠎ᠡ ᠶᠢᠨ ᠪᠠᠶᠢᠭᠤᠯᠤᠯᠲᠠ ᠬᠦᠴᠦᠷᠬᠡᠭ ᠪᠠᠶᠢᠬᠤ ᠶᠢ ᠪᠡᠶᠡᠯᠡᠭᠦᠯᠵᠦ ᠂ ᠨᠢᠭᠡᠳᠬᠡᠬᠦ ᠰᠠᠯᠭᠠᠬᠤ ᠶᠢ ᠤᠶᠠᠯᠳᠤᠭᠤᠯᠵᠤ ᠂ ᠬᠠᠮᠵᠢᠯᠴᠠᠭᠰᠠᠨ ᠥᠨᠳᠥᠷ ᠪᠦᠲᠦᠮᠵᠢᠲᠡᠢ ᠠᠵᠢᠯ ᠤᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ ᠭᠡᠪᠡ ᠃
ᠬᠤᠷᠠᠯ ᠳᠡᠭᠡᠷ᠎ᠡ ᠂ ᠭᠦᠭᠡᠬᠤᠲᠠ ᠂ ᠪᠠᠶᠠᠨᠨᠠᠭᠤᠷ ᠬᠤᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠭᠡᠷ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠵᠤ ᠦᠭᠡ ᠬᠡᠯᠡᠵᠡᠢ ᠃
ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ ᠂ ᠡᠯ᠎ᠡ ᠠᠶᠢᠮᠠᠭ ᠬᠤᠳᠠ ᠪᠣᠯᠣᠨ ᠮᠠᠨᠵᠤᠤᠷ ᠬᠤᠳᠠ ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ ᠃