ᠸᠠᠩ ᠯᠢ ᠰᠢᠶᠠ ᠥᠪᠡᠷ ᠤᠨ ᠢᠶᠠᠨ ᠪᠠᠶᠢᠭ᠎ᠠ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/2/27


      2 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠲᠤ ᠬᠦᠷᠴᠦ᠂ ᠨᠢᠭᠡᠨ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠢᠶᠠᠨ ᠪᠠᠶᠢᠭ᠎ᠠ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ ᠃ 


1.jpg

      2 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠲᠤ ᠬᠦᠷᠴᠦ᠂ ᠨᠢᠭᠡᠨ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠢᠶᠠᠨ ᠪᠠᠶᠢᠭ᠎ᠠ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ ᠃ 

ᠰᠤᠷᠪᠤᠯᠵᠢᠯᠠᠭᠴᠢ  ᠬᠠᠨ ᠴᠢᠩ ᠯᠢ  ᠰᠡᠭᠦᠳᠡᠷᠯᠡᠪᠡ



      ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠷ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ᠃ ᠳᠠᠷᠠᠭ᠎ᠠ ᠳᠤ  ᠨᠢ ᠂ ᠨᠠᠮ ᠤᠨ ᠡᠭᠦᠷ ᠤᠨ ᠨᠠᠮ ᠤᠨ ᠭᠡᠰᠢᠭᠦᠳ ᠪᠣᠳᠠᠲᠠᠢ ᠲᠠᠢ ᠪᠠᠨ ᠤᠶᠠᠯᠳᠤᠭᠤᠯᠤᠨ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠬᠢᠪᠡ ᠃

      ᠸᠠᠩ ᠯᠢ ᠰᠢᠶᠠ ᠬᠡᠯᠡᠬᠦ ᠳᠤ ᠪᠠᠨ ᠂ ᠨᠠᠮ ᠤᠨ ᠡᠭᠦᠷ ᠤᠨ ᠭᠡᠰᠢᠭᠦᠳ ᠤᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠨᠢ ᠮᠠᠰᠢ ᠶᠡᠭᠡ ᠬᠠᠨᠳᠤᠯᠭᠠᠲᠤ ᠴᠢᠨᠠᠷ ᠲᠠᠢ ᠪᠠᠶᠢᠵᠤ᠂ ᠬᠥᠮᠥᠨ ᠪᠣᠯᠭᠠᠨ ᠰᠢᠨ᠎ᠡ ᠣᠯᠣᠯᠲᠠ ᠪᠠ ᠰᠢᠨ᠎ᠡ ᠳᠡᠭᠡᠭᠰᠢᠯᠡᠯᠲᠡ ᠲᠠᠢ ᠪᠣᠯᠵᠤ ᠴᠢᠳᠠᠵᠠᠢ ᠃ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠥᠬᠦᠳ ᠦᠷᠭᠦᠯᠵᠢ ᠠᠵᠢᠯᠯᠠᠬᠤ ᠴᠠᠭ ᠠᠴᠠ ᠪᠠᠨ ᠭᠠᠳᠠᠭᠤᠷ ᠴᠠᠭ ᠭᠠᠷᠭᠠᠵᠤ ᠠᠵᠢᠯᠯᠠᠨ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠲᠥᠯᠥᠭᠡ ᠬᠦᠴᠦᠨ ᠴᠢᠳᠠᠯ ᠢᠶᠠᠨ ᠡᠷᠭᠦᠵᠦ ᠪᠠᠶᠢᠨ᠎ᠠ ᠭᠡᠵᠡᠢ ᠃ ᠲᠡᠷᠡ ᠪᠠᠷ ᠂ ᠤᠯᠠᠨ ᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ ᠂ ᠬᠥᠭᠵᠢᠯᠲᠡ ᠶᠢ ᠠᠬᠢᠭᠤᠯᠬᠤ ᠶᠢᠨ ᠬᠦᠴᠦᠲᠦ ᠤᠬᠠᠭᠠᠯᠠᠭᠴᠢ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠬᠦᠴᠦᠲᠦ ᠠᠬᠢᠭᠤᠯᠤᠭᠴᠢ ᠂ ᠬᠦᠴᠢᠷ ᠢ ᠰᠢᠢᠳᠪᠦᠷᠢᠯᠡᠬᠦ ᠶᠢᠨ ᠬᠦᠴᠦᠲᠦ ᠬᠠᠪᠰᠤᠷᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠰᠣᠷᠣᠯᠴᠠᠬᠤ ᠲᠠᠯ᠎ᠠ ᠪᠠᠷ ᠬᠦᠴᠦ ᠪᠠᠨ ᠲᠠᠯᠪᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠠᠬᠢᠨ ᠲᠠᠬᠢᠨ ᠰᠤᠳᠤᠯᠵᠤ ᠤᠩᠰᠢᠨ ᠂ ᠭᠦᠨᠵᠡᠭᠡᠢ ᠣᠶᠢᠯᠠᠭᠠᠬᠤ ᠪᠠ ᠰᠡᠳᠬᠢᠯ ᠳᠤ ᠪᠠᠨ ᠬᠠᠳᠠᠩᠰᠢᠭᠤᠯᠬᠤ ᠶᠢ ᠪᠡᠶᠡᠯᠡᠭᠦᠯᠵᠦ᠂ ᠪᠠᠰᠠ ᠴᠠᠭ ᠦᠶ᠎ᠡ ᠠᠴᠠ ᠰᠢᠨ᠎ᠡ ᠮᠡᠳᠡᠯᠭᠡ ᠰᠤᠷᠴᠤ ᠂ ᠦᠢᠯᠡᠳᠦᠯᠭᠡ ᠠᠴᠠ ᠰᠢᠨ᠎ᠡ ᠤᠷ᠎ᠠ ᠴᠢᠳᠠᠪᠤᠷᠢ ᠰᠤᠷᠴᠤ ᠂ ᠤᠯᠠᠨ ᠲᠦᠮᠡᠨ ᠠᠴᠠ ᠪᠣᠳᠠᠲᠠᠢ ᠠᠷᠭ᠎ᠠ ᠰᠤᠷᠴᠤ ᠂ ᠡᠯ᠎ᠡ ᠭᠠᠵᠠᠷ ᠤᠨ  ᠬᠢᠨ ᠤ ᠰᠠᠶᠢᠨ ᠲᠤᠷᠰᠢᠯᠭ᠎ᠠ ᠶᠢ ᠰᠤᠷᠬᠤ ᠬᠡᠷᠡᠭᠲᠡᠢ᠃ ᠰᠢᠨ᠎ᠡ ᠶᠢ ᠡᠭᠦᠳᠬᠦ ᠰᠡᠳᠬᠢᠬᠦᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠪᠠᠨ ᠲᠠᠯᠪᠢᠵᠤ᠂ ᠰᠢᠨ᠎ᠡ ᠰᠡᠳᠬᠢᠮᠵᠢ ᠶᠢ ᠤᠬᠠᠭᠠᠯᠠᠨ ᠲᠥᠯᠥᠪᠯᠡᠬᠦ ᠪᠠ ᠰᠢᠨ᠎ᠡ ᠲᠤᠷᠰᠢᠯᠭ᠎ᠠ ᠶᠢ ᠬᠠᠶᠢᠨ ᠰᠦᠪᠡᠭᠴᠢᠯᠡᠬᠦ ᠪᠠᠷ ᠴᠢᠷᠮᠠᠶᠢᠨ ᠂ ᠰᠤᠳᠤᠯᠭᠠᠨ ᠤ ᠠᠵᠢᠯ ᠳᠤ ︽ᠰᠢᠮᠳᠠᠵᠤ ᠣᠷᠣᠬᠤ︾ ᠮᠥᠷᠲᠡᠭᠡᠨ ︽ᠦᠰᠦᠷᠴᠦ ᠭᠠᠷᠬᠤ︾ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠪᠣᠶᠢᠵᠢᠭᠤᠯᠬᠤ ᠳᠡᠭᠡᠷ᠎ᠡ ᠬᠦᠴᠦ ᠪᠠᠨ ᠲᠠᠯᠪᠢᠵᠤ᠂ ᠪᠦᠬᠦ ᠲᠠᠯ᠎ᠠ ᠠᠴᠠ ᠠᠰᠠᠭᠤᠳᠠᠯ ᠢ ᠪᠣᠳᠣᠯᠬᠢᠯᠠᠨ ᠂ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠬᠢᠴᠢᠶᠡᠩᠭᠦᠶᠢᠯᠡᠨ ᠴᠢᠷᠮᠠᠶᠢᠬᠤ ᠪᠠ ᠬᠠᠯᠠᠨ ᠰᠠᠶᠢᠵᠢᠷᠠᠭᠤᠯᠬᠤ ᠳᠡᠭᠡᠷ᠎ᠡ ᠬᠦᠴᠦ ᠲᠠᠯᠪᠢᠵᠤ᠂ ︽ᠪᠡᠶ᠎ᠡ ᠪᠠᠨ ᠭᠤᠷᠪᠠᠨᠲᠠ ᠬᠢᠨᠠᠬᠤ︾ ᠤᠬᠠᠮᠰᠠᠷ ᠢᠶᠠᠷ ᠥᠪᠡᠷ ᠢ ᠪᠠᠨ ᠳᠡᠭᠡᠭᠰᠢᠯᠡᠭᠦᠯᠦᠨ ᠂ ᠡᠳᠦᠷ ᠪᠦᠷᠢ ᠬᠢᠨᠡᠨ ᠲᠤᠩᠭᠠᠬᠤ ᠂ ᠶᠠᠪᠤᠳᠠᠯ ᠪᠦᠷᠢ ᠳᠤ ᠬᠢᠨᠡᠨ ᠲᠤᠩᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ᠂ ᠡᠩᠨᠡᠭᠡ ᠪᠠᠨ ᠰᠠᠶᠢᠲᠤᠷ ᠳᠠᠭᠠᠭᠤᠯᠬᠤ ᠳᠡᠭᠡᠷ᠎ᠡ ᠬᠦᠴᠦ ᠲᠠᠯᠪᠢᠵᠤ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠠᠶᠢᠴᠢᠨ ᠪᠠᠬᠢᠯᠡᠯᠲᠡ ᠪᠠᠨ ᠬᠦᠴᠦᠷᠬᠡᠭᠵᠢᠭᠦᠯᠦᠨ ᠂ ᠠᠵᠢᠯ ᠬᠢᠵᠦ ᠦᠢᠯᠡᠰ ᠴᠣᠭᠴᠠᠯᠠᠬᠤ ᠳᠤᠮᠳᠠ ᠬᠦᠰᠡᠯ ᠪᠠ ᠮᠥᠷᠥᠭᠡᠳᠦᠯ ᠢᠶᠠᠨ ᠪᠡᠶᠡᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠡᠯ᠎ᠡ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢᠶᠠᠨ ᠰᠠᠶᠢᠲᠤᠷ ᠠᠳᠬᠤᠬᠤ ᠶᠢ ᠨᠢ ᠱᠠᠯᠠᠪᠳᠠᠭᠤᠯᠵᠤ᠂ ᠨᠠᠮ ᠤᠨ ᠪᠠᠶᠢᠭᠤᠯᠤᠯᠲᠠ ᠪᠠᠷ ᠨᠠᠮ ᠤᠨ ᠲᠥᠪ ᠬᠤᠷᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠠᠴᠠ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠨᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠠᠬᠢᠪᠠ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ