ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠂ ᠡᠷᠬᠡ ᠰᠦᠷᠲᠦ ᠲᠠᠶᠢᠯᠤᠯ ③
ᠨᠡᠶᠢᠲᠡᠯᠡᠭᠰᠡᠨ ᠴᠠᠭ᠄
2025/2/28

    ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ

    ᠰᠤᠷᠭᠠᠨ ᠬᠥᠮᠦᠵᠢᠯ ᠤᠨ ᠲᠠᠯ᠎ᠠ ᠪᠠᠷ᠂ ᠭᠤᠣᠯᠳᠠᠯᠭ᠎ᠠ ᠨᠢ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠ ᠴᠢᠬᠤᠯᠠ ᠪᠥᠬᠦᠶ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠬᠢᠯᠡᠨ᠎ᠡ᠃ ᠪᠢᠴᠢᠭ ᠮᠠᠲ᠋ᠧᠷᠢᠶᠠᠯ ᠳᠤ ᠣᠨᠴᠠᠭᠠᠶᠢᠯᠠᠨ ᠴᠢᠬᠤᠯᠠᠴᠢᠯᠠᠬᠤ ᠳᠤ ᠪᠠᠨ᠂ ᠬᠥᠳᠡᠭᠡ ᠲᠣᠰᠬᠤᠨ ᠤ ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠪᠠ ᠪᠠᠯᠠ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠮᠴᠢᠯᠡᠭᠡᠨ ᠤ ᠲᠠᠯ᠎ᠠ ᠪᠠᠷ᠂ ᠭᠤᠣᠯᠳᠠᠯᠭ᠎ᠠ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠳᠠᠨ ᠪᠠ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠭᠤᠣᠯ ᠪᠣᠯᠬᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠠᠶᠢᠲᠤᠷ ᠡᠷᠬᠢᠯᠡᠵᠤ᠂ ᠲᠠᠷᠢᠶᠠᠴᠢᠳ ᠤᠨ ᠡᠪᠡᠳᠴᠢᠨ ᠦᠵᠡᠭᠦᠯᠵᠦ ᠡᠮᠨᠡᠭᠦᠯᠬᠦ ᠳᠤ ᠨᠢ ᠨᠡᠩ ᠲᠦᠬᠦᠮ ᠪᠣᠯᠭᠠᠨ᠎ᠠ᠃ ᠵᠠᠯᠭᠠᠭ᠎ᠠ ᠪᠠᠷ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠ ᠲᠤᠬᠠᠶ ᠶᠢᠨ ᠵᠢᠯ ᠳᠤ ᠲᠠᠩᠰᠠ ᠲᠠᠶᠢᠯᠤᠭᠰᠠᠨ ᠥᠬᠡᠶ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠳᠠᠷᠠᠭ᠎ᠠ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠵᠣᠬᠢᠬᠤ ᠬᠡᠮᠵᠢᠶᠡᠨ ᠤ ᠵᠣᠷᠢᠭᠵᠢᠭᠤᠯᠤᠯ ᠥᠭᠴᠦ᠂ ᠳᠠᠭᠠᠳᠬᠠᠯ ᠳᠤ ᠣᠷᠣᠯᠴᠠᠭᠰᠠᠨ ᠲᠠᠷᠢᠶᠠᠴᠢᠳ ᠲᠤ ᠪᠣᠳᠠᠲᠠᠶ ᠠᠰᠢᠭ ᠬᠦᠷᠲᠡᠭᠡᠨ᠎ᠡ᠃ ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ᠂ ᠭᠤᠣᠯᠳᠠᠯᠭ᠎ᠠ ᠨᠢ ᠬᠥᠳᠡᠭᠡ ᠲᠣᠰᠬᠤᠨ ᠤ ᠨᠠᠰᠤᠵᠢᠭᠰᠠᠨ ᠬᠥᠮᠥᠨ ᠣᠯᠠᠳᠠᠵᠤ ᠪᠠᠶᠢᠭ᠎ᠠ ᠬᠠᠨᠳᠤᠰᠢ ᠳᠤ ᠴᠢᠭᠯᠡᠭᠦᠯᠦᠨ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠡᠪᠡᠷᠰᠢᠶᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠨ᠎ᠡ᠃

    ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠶᠡᠷᠦᠩᠬᠡᠶ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ᠂ ᠬᠠᠷᠢᠨ ᠮᠥᠨ ᠯᠡ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠶ ᠪᠠᠶᠢᠳᠠᠯ ᠳᠤ ᠪᠠᠨ ᠣᠷᠣᠰᠢᠵᠤ ᠪᠠᠶᠢᠨ᠎ᠠ

    ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠢ ᠬᠡᠷᠬᠢᠨ ᠠᠳᠬᠤᠬᠤ ᠲᠤᠬᠠᠢ ᠡᠶᠢᠮᠦ ᠨᠢᠭᠡᠨ ᠴᠢᠮᠡᠭᠡ ᠳᠤᠭᠤᠯᠳᠠᠵᠤ ᠪᠣᠢ᠂ ᠠᠮᠤ ᠪᠤᠳᠠᠭᠠᠨ ᠤ ᠤᠨᠠᠯᠲᠠ ᠨᠡᠮᠡᠭᠳᠡᠪᠡ᠂ ᠳᠡᠭᠡᠷ᠎ᠡ ᠨᠢ ᠠᠮᠤ ᠪᠤᠳᠠᠭᠠᠨ ᠤ ᠵᠠᠬ᠎ᠠ ᠳᠡᠯᠭᠡᠭᠦᠷ ᠴᠦ ᠨᠡᠯᠢᠶᠡᠳ ᠮᠠᠭᠤᠵᠢᠷᠠᠵᠤ᠂ ᠵᠠᠷᠢᠮ ᠡᠭᠦᠯᠳᠡᠷ ᠤᠨ ᠦᠨ᠎ᠡ ᠬᠠᠩᠰᠢ ᠪᠠᠭᠤᠷᠠᠭᠰᠠᠨ ᠪᠣᠯᠬᠤᠷ ᠡᠨᠡ ᠵᠢᠯ ᠤᠨ ᠠᠮᠤ ᠪᠤᠳᠠᠭᠠᠨ ᠤ ᠠᠵᠢᠯ ᠤᠨ ᠡᠷᠴᠢᠮ ᠢ ᠰᠤᠯᠠᠷᠠᠭᠤᠯᠪᠠᠯ ᠶᠠᠮᠠᠷ ᠵᠡᠷᠭᠡ ᠪᠣᠢ︖ ᠡᠭᠦᠨ ᠤ ᠲᠤᠬᠠᠶ ᠲᠥᠪ ᠬᠤᠷᠢᠶᠠᠨ ᠤ ᠲᠦᠷᠦ ᠶᠢᠨ ᠪᠤᠳᠤᠯᠭ᠎ᠠ ᠪᠣᠯ ᠲᠣᠳᠣᠷᠬᠠᠶ ᠶᠤᠮ᠂ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭᠠᠳᠬᠠᠬᠤ ᠠᠴᠠ ᠪᠢᠰᠢ ᠰᠤᠯᠠᠷᠠᠭᠤᠯᠵᠤ ᠪᠣᠯᠬᠤ ᠦᠭᠡᠢ᠃ ᠠᠮᠤ ᠪᠤᠳᠠᠭᠠᠨ ᠤ ᠦᠨ᠎ᠡ ᠬᠠᠩᠰᠢ ᠬᠡᠰᠡᠭ ᠬᠤᠭᠤᠴᠠᠭᠠᠨ ᠳᠤ ᠪᠣᠯᠣᠭᠰᠠᠨ ᠠᠴᠠ ᠪᠣᠯᠣᠭᠠᠳ ᠠᠮᠤ ᠪᠤᠳᠠᠭᠠᠨ ᠤ ᠦᠢᠯᠡᠳᠪᠦᠷᠢᠯᠡᠯ ᠨᠢᠭᠡᠨᠲᠡ ᠵᠣᠪᠠᠭ᠋ᠤ ᠤᠴᠢᠷ ᠦᠭᠡᠢ ᠪᠣᠯᠴᠢᠬᠠᠯ᠎ᠠ ᠭᠡᠵᠦ ᠬᠦᠡᠭᠭᠡᠨ ᠬᠠᠭᠤᠳᠠᠮ ᠢᠶᠠᠷ ᠬᠡᠯᠡᠵᠦ ᠶᠠᠭᠠᠬᠢᠭᠰᠠᠨ ᠴᠤ ᠪᠣᠯᠬᠤ ᠦᠭᠡᠢ᠃ ᠨᠢᠭᠡ ᠲᠠᠯ᠎ᠠ ᠪᠠᠷ᠂ ᠠᠮᠤ ᠪᠤᠳᠠᠭᠠᠨ ᠤ ᠦᠢᠯᠡᠳᠪᠦᠷᠢᠯᠡᠯ ᠨᠢ ᠵᠣᠬᠢᠬᠤ ᠬᠡᠮᠵᠢᠶᠡᠨ ᠳᠤ ᠮᠥᠨ ᠯᠡ ᠲᠩᠷᠢ ᠶᠢᠨ ᠴᠢᠷᠠᠶ ᠶᠢ ᠬᠠᠷᠠᠨ ᠠᠮᠢᠳᠤᠷᠠᠵᠤ᠂ ︽ᠬᠥᠮᠦᠨ ᠴᠢᠷᠮᠠᠶᠢᠬᠤ︾ ᠲᠡᠳᠦᠢ ᠪᠢᠰᠢ ᠪᠠᠰᠠ ︽ᠲᠩᠷᠢ ᠶᠢᠨ ᠴᠢᠷᠠᠢ ᠶᠢ ᠬᠠᠷᠠᠬᠤ ᠴᠢᠬᠤᠯᠠᠲᠠᠢ ᠪᠠᠶᠢᠳᠠᠭ︾᠃ ᠤᠢᠢᠷ᠎ᠠ ᠶᠢᠨ ᠵᠢᠯ ᠤᠳ ᠲᠤ ᠬᠡᠴᠡᠭᠦᠦ ᠴᠠᠭ ᠠᠭᠤᠷ ᠵᠡᠷᠭᠡ ᠪᠠᠶᠢᠭᠠᠯᠢ ᠶᠢᠨ ᠭᠠᠮᠰᠢᠭ ᠤᠯᠠᠨ ᠡᠭᠦᠰᠴᠦ ᠲᠠᠬᠢᠨ ᠡᠭᠦᠰᠴᠦ ᠪᠠᠶᠢᠭ᠎ᠠ ᠪᠣᠯᠬᠤᠷ ᠲᠣᠭᠲᠠᠭᠤᠨ ᠪᠤᠰᠤ ᠬᠦᠴᠦᠨ ᠵᠦᠢᠯ ᠮᠠᠰᠢ ᠤᠯᠠᠨ ᠪᠠᠶᠢᠨ᠎ᠠ᠂ ᠡᠶᠢᠮᠦ ᠠᠴᠠ ᠡᠷᠬᠡᠪᠰᠢ ᠭᠠᠮᠰᠢᠭ ᠢ ᠡᠰᠡᠷᠭᠦᠴᠡᠨ ᠡᠯᠪᠡᠭ ᠬᠤᠷᠢᠶᠠᠯᠲᠠ ᠶᠢ ᠲᠡᠮᠡᠴᠡᠨ ᠤᠯᠬᠤ ᠳᠤ ᠰᠠᠭᠤᠷᠢᠯᠠᠵᠤ᠂ ᠬᠦᠴᠢᠷ ᠪᠡᠷᠬᠡᠰᠢᠶᠡᠯ ᠢ ᠲᠡᠷᠢᠭᠦᠨ ᠳᠤ ᠲᠠᠯᠪᠢᠵᠤ᠂ ᠠᠮᠤᠷ ᠲᠦᠪᠰᠢᠨ ᠢᠶᠠᠷ ᠬᠤᠷᠢᠶᠠᠯᠲᠠ ᠣᠯᠬᠤ ᠢᠯᠡᠳᠬᠡᠮᠵᠢ ᠶᠢ ᠨᠡᠩ ᠥᠨᠳᠥᠷ ᠪᠣᠯᠭᠠᠬᠤ ᠬᠡᠷᠡᠭᠲᠡᠶ᠃ ᠨᠥᠭᠦᠭᠡ ᠲᠠᠯ᠎ᠠ ᠪᠠᠷ᠂ ᠮᠠᠨ ᠤ ᠤᠯᠤᠰ ᠤᠨ ᠠᠮᠤ ᠪᠤᠳᠠᠭᠠᠨ ᠤ ᠬᠡᠷᠡᠭᠴᠡᠭᠡ ᠪᠠᠰᠠ ᠲᠠᠰᠤᠷᠠᠯᠲᠠ ᠦᠭᠡᠶ ᠥᠷᠭᠡᠳᠴᠦ᠂ 14 ᠳ᠋ᠦᠩᠰᠢᠭᠤᠷ ᠭᠠᠷᠤᠶ ᠬᠥᠮᠦᠨ ᠤ ᠢᠳᠡᠬᠦ ᠬᠤᠭᠤᠯᠠ ᠪᠠᠶᠢᠬᠤ ᠶᠢ ᠪᠠᠲᠤᠯᠠᠬᠤ ᠬᠡᠷᠡᠭᠲᠡᠢ ᠮᠥᠷᠲᠡᠭᠡᠨ ᠰᠠᠶᠢᠨ ᠬᠤᠭᠤᠯᠠ ᠢᠳᠡᠬᠦ ᠶᠢ ᠬᠦᠰᠡᠵᠦ ᠪᠠᠶᠢᠨ᠎ᠠ᠃ ᠤᠳᠤ ᠬᠡᠳᠦᠢ ᠪᠠᠷ ᠬᠥᠮᠥᠰ ᠤᠨ ᠬᠦᠨᠡᠰᠦᠨ ᠠᠮᠤ ᠢᠳᠡᠬᠦ ᠨᠢ ᠪᠠᠭ᠎ᠠ ᠪᠣᠯᠣᠭᠰᠠᠨ ᠴᠤ ᠮᠢᠬ᠎ᠠ᠂ ᠥᠨᠳᠡᠭᠡ᠂ ᠰᠦ ᠢᠳᠡᠬᠦ ᠨᠢ ᠶᠡᠭᠡ ᠪᠣᠯᠪᠠ᠂ ᠡᠳᠡᠭᠡᠷ ᠢ ᠴᠥᠮ ᠤᠯᠠᠮ ᠠᠴᠠ ᠤᠯᠠᠮ ᠠᠷᠪᠢᠨ ᠲᠡᠵᠢᠭᠡᠯ ᠪᠣᠷᠳᠣᠭᠠᠨ ᠤ ᠠᠮᠤ ᠠᠴᠠ ᠤᠯᠠᠷᠢᠭᠤᠯᠵᠤ ᠰᠢᠢᠳᠪᠦᠷᠢᠯᠡᠬᠦ ᠴᠢᠬᠤᠯᠠ ᠲᠠᠢ᠃ ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠶᠡᠷᠦᠩᠬᠡᠶ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ᠂ ᠬᠠᠷᠢᠨ ᠮᠥᠨ ᠯᠡ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠶ ᠪᠠᠶᠢᠳᠠᠯ ᠳᠤ ᠪᠠᠨ ᠣᠷᠣᠰᠢᠵᠤ ᠪᠠᠶᠢᠨ᠎ᠠ᠃ ᠲᠡᠦᠬᠡᠨ ᠲᠤᠷᠰᠢᠯᠭ᠎ᠠ ᠬᠠᠷᠠᠭᠤᠯᠤᠭᠰᠠᠨ ᠨᠢ᠂ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠢ ᠳᠡᠭᠡᠭᠰᠢᠯᠡᠭᠦᠯᠬᠦ ᠳᠤ ᠶᠡᠷᠦ ᠨᠢ ᠮᠠᠰᠢ ᠬᠦᠴᠢᠷ᠂ ᠪᠠᠭᠤᠷᠠᠭᠤᠯᠬᠤ ᠳᠤ ᠬᠠᠷᠢᠨ ᠬᠠᠷᠢᠴᠠᠩᠭᠤᠢ ᠪᠠᠷ ᠠᠮᠠᠷᠬᠠᠨ ᠪᠠᠶᠢᠳᠠᠭ᠂ ᠠᠵᠢᠯ ᠤᠨ ᠡᠷᠴᠢᠮ ᠢᠶᠠᠨ ᠰᠤᠯᠠᠷᠠᠭᠤᠯᠤᠭᠰᠠᠨ ᠠᠴᠠ ᠪᠣᠯᠣᠭᠠᠳ ᠦᠢᠯᠡᠳᠪᠦᠷᠢᠯᠡᠯ ᠢ ᠶᠡᠭᠡ ᠪᠠᠷ ᠳᠡᠭᠡᠭᠰᠢᠯᠡᠭᠦᠯᠵᠦ ᠶᠡᠭᠡ ᠪᠠᠷ ᠪᠠᠭᠤᠷᠠᠭᠤᠯᠵᠤ ᠶᠠᠭᠠᠬᠢᠭᠰᠠᠨ ᠴᠤ ᠪᠣᠯᠬᠤ ᠦᠭᠡᠢ᠃ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠦᠷᠭᠦᠯᠵᠢᠯᠡᠨ ᠲᠡᠷᠢᠭᠦᠨ ᠪᠠᠶᠢᠷᠢᠨ ᠳᠤ ᠲᠠᠯᠪᠢᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠥᠪᠡᠷ ᠤᠨ ᠪᠤᠳᠠᠭᠠᠨ ᠠᠶᠠᠭ᠎ᠠ ᠪᠠᠨ ᠭᠠᠷ ᠲᠤ ᠪᠠᠨ ᠨᠡᠩ ᠯᠠᠪᠳᠠᠭᠤᠨ ᠪᠠᠲᠤ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

    ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠶ ᠶᠢ ᠠᠯᠪᠠ ᠪᠠᠷ ᠰᠢᠯᠵᠢᠭᠦᠯᠵᠦ ᠡᠷᠭᠢᠯᠳᠦᠭᠦᠯᠬᠦ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ

    ᠡᠷᠦᠭᠡ ᠳᠤ ᠳᠠᠭᠠᠭᠠᠴᠢᠯᠠᠭᠤᠯᠤᠨ ᠡᠵᠡᠩᠨᠡᠭᠦᠯᠦᠭᠰᠡᠨ ᠰᠠᠭᠤᠷᠢᠨ ᠳᠡᠭᠡᠷ᠎ᠡ᠂ ᠳᠠᠭᠠᠭᠠᠴᠢᠯᠠᠭᠰᠠᠨ ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠪᠠᠷ ᠳᠠᠮᠵᠢᠭᠤᠯᠤᠨ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠰᠢᠯᠵᠢᠭᠦᠯᠦᠨ ᠡᠷᠭᠢᠯᠳᠦᠭᠦᠯᠬᠦ ᠶᠢ ᠬᠥᠲᠥᠯᠥᠨ ᠵᠢᠯᠣᠭᠤᠳᠴᠤ᠂ ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠪᠣᠯ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠂ ᠪᠠᠰᠠ ᠴᠤ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ ᠶᠢᠨ ᠴᠢᠬᠤᠯᠠ ᠲᠠᠯ᠎ᠠ ᠮᠥᠨ᠃ ᠣᠶᠢᠷ᠎ᠠ ᠶᠢᠨ ᠵᠢᠯ ᠤᠳ ᠲᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠲᠣᠭᠲᠠᠭᠤᠨ ᠪᠠᠶᠢᠵᠤ᠂ ᠳᠠᠭᠠᠭᠠᠴᠢᠯᠠᠯᠲᠠ ᠶᠢᠨ ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠵᠦ ᠪᠠᠶᠢᠬᠤ ᠨᠢ ᠶᠡᠷᠦᠩᠬᠡᠶ ᠳᠤ ᠪᠠᠨ ᠵᠢᠷᠤᠮᠵᠢᠭᠤᠨ ᠪᠥᠭᠡᠳ ᠡᠮᠬᠢ ᠳᠢᠭᠯᠢᠮ ᠲᠠᠢ ᠪᠠᠶᠢᠨ᠎ᠠ᠂ ᠭᠡᠪᠡᠴᠦ ᠵᠠᠷᠢᠮ ᠭᠠᠵᠠᠷ ᠣᠷᠣᠨ ᠳᠤ ᠪᠠᠰᠠ ᠲᠦᠷᠢᠮ ᠠᠴᠠ ᠵᠥᠷᠢᠴᠡᠨ ᠠᠵᠢᠯᠯᠠᠭᠤᠯᠤᠭᠰᠠᠨ ᠠᠰᠠᠭᠤᠳᠠᠯ ᠤᠳ ᠭᠠᠷᠴᠠᠶ᠂ ᠪᠢᠴᠢᠭ ᠮᠠᠲ᠋ᠧᠷᠢᠶᠠᠯ ᠳᠤ ᠡᠭᠦᠨ ᠤ ᠲᠤᠬᠠᠶ ᠴᠢᠬᠤᠯᠠᠴᠢᠯᠠᠭᠰᠠᠨ ᠪᠠᠶᠢᠨ᠎ᠠ᠃

    ᠨᠢᠭᠡ ᠳᠤ᠂ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠴᠠᠲᠠᠢ ᠠᠳᠬᠤᠨ᠎ᠠ᠃ ᠲᠥᠪ ᠬᠤᠷᠢᠶᠠᠨ ᠤ ᠱᠠᠭᠠᠷᠳᠠᠯᠭ᠎ᠠ ᠮᠠᠰᠢ ᠲᠣᠳᠣᠷᠬᠠᠶ ᠪᠠᠶᠢᠨ᠎ᠠ᠂ ᠳᠠᠭᠠᠭᠠᠴᠢᠯᠠᠭᠰᠠᠨ ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠤ ᠬᠠᠤᠯᠢ ᠶᠣᠰᠣᠭᠠᠷ᠂ ᠰᠠᠨᠠᠭᠠᠴᠢᠯᠠᠭ᠎ᠠ ᠶᠢᠨ᠂ ᠲᠥᠯᠥᠪᠦᠷᠢ ᠲᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ᠂ ᠳᠠᠭᠠᠭᠠᠴᠢᠯᠠᠭᠰᠠᠨ ᠲᠠᠷᠢᠶᠠᠴᠢᠨ ᠡᠷᠤᠭᠡ ᠶᠢᠨ ᠰᠠᠨᠠᠭ᠎ᠠ ᠠᠴᠠ ᠵᠥᠷᠢᠴᠡᠵᠦ ᠪᠣᠯᠬᠤ ᠦᠭᠡᠢ᠂ ᠲᠠᠷᠢᠶᠠᠴᠢᠳ ᠤᠨ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠂ ᠭᠠᠵᠠᠷ ᠰᠢᠷᠣᠶ ᠶᠢᠨ ᠬᠡᠷᠡᠭᠯᠡᠯᠲᠡ ᠶᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠ ᠲᠠᠷᠢᠶᠠᠯᠠᠩ ᠤᠨ ᠠᠮᠢ ᠠᠬᠤᠶ ᠣᠷᠴᠢᠨ ᠠᠬᠤᠶ ᠶᠢ ᠡᠪᠳᠡᠵᠦ ᠪᠣᠯᠬᠤ ᠦᠭᠡᠢ᠃ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ᠂ ᠲᠥᠪᠯᠡᠷᠡᠭᠦᠯᠬᠦ᠂ ᠬᠡᠪᠴᠢᠶᠡᠵᠢᠭᠦᠯᠦᠨ ᠡᠵᠡᠩᠨᠡᠬᠦ ᠬᠡᠮᠵᠢᠶ᠎ᠡ ᠶᠢ ᠰᠠᠶᠢᠲᠤᠷ ᠡᠵᠡᠮᠳᠡᠵᠦ᠂ ᠬᠤᠳᠠ ᠪᠠᠯᠭᠠᠰᠤᠵᠢᠯᠳᠠ ᠶᠢᠨ ᠠᠬᠢᠴᠠ ᠪᠠ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠰᠢᠯᠵᠢᠯᠲᠡ ᠶᠢᠨ ᠬᠡᠪᠴᠢᠶ᠎ᠡ ᠯᠦᠭᠡ ᠵᠣᠬᠢᠴᠠᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠪᠠ ᠦᠢᠯᠡᠳᠪᠦᠷᠢᠯᠡᠯ ᠤᠨ ᠠᠷᠭ᠎ᠠ ᠪᠠᠷᠢᠯ ᠤᠨ ᠰᠠᠶᠢᠵᠢᠷᠠᠯᠲᠠ ᠶᠢᠨ ᠬᠡᠮᠵᠢᠶ᠎ᠡ ᠯᠦᠭᠡ ᠵᠣᠬᠢᠴᠠᠭᠤᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠯᠦᠭᠡ ᠵᠣᠬᠢᠴᠠᠭᠤᠯᠬᠤ ᠬᠡᠷᠡᠭᠲᠡᠶ᠃

    ᠬᠤᠶᠠᠷ ᠲᠤ᠂ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠶᠢᠨ ᠬᠠᠮᠢᠶᠠᠷᠤᠯᠲᠠ ᠦᠢᠯᠡᠴᠢᠯᠡᠭᠡᠨ ᠤ ᠲᠦᠷᠢᠮ ᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠨᠢ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠢ ᠵᠢᠷᠤᠮᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠰᠢᠯᠵᠢᠭᠦᠯᠦᠨ ᠡᠷᠭᠢᠯᠳᠦᠭᠦᠯᠬᠦ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠨ᠎ᠠ᠃ ᠡᠯ᠎ᠡ ᠭᠠᠵᠠᠷ ᠤᠨ ᠬᠢᠨ ᠤ ᠰᠢᠯᠵᠢᠭᠦᠯᠦᠨ ᠡᠷᠭᠢᠯᠳᠦᠭᠦᠯᠬᠦ ᠦᠨ᠎ᠡ ᠶᠢᠨ ᠵᠢᠭᠠᠯᠲᠠ ᠲᠤᠭ᠎ᠠ ᠶᠢ ᠨᠡᠶᠢᠲᠡᠯᠡᠬᠦ᠂ ᠪᠣᠳᠠᠲᠤ ᠶᠠᠭᠤᠮ᠎ᠠ ᠪᠠᠷ ᠲᠦᠷᠢᠶᠡᠰᠦ ᠪᠤᠳᠤᠬᠤ ᠵᠡᠷᠭᠡ ᠠᠷᠭ᠎ᠠ ᠮᠠᠶ᠋ᠢᠭ ᠢᠶᠠᠷ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠢ ᠵᠦᠢ ᠵᠣᠬᠢᠰᠲᠠᠶ ᠬᠢᠷᠢ ᠲᠦᠪᠰᠢᠨ ᠳᠤ ᠲᠣᠭᠲᠠᠪᠤᠷᠢᠵᠢᠭᠤᠯᠬᠤ ᠶᠢ ᠠᠬᠢᠭᠤᠯᠬᠤ ᠶᠢ ᠵᠣᠷᠢᠭᠵᠢᠭᠤᠯᠤᠨ᠎ᠠ᠂ ᠢᠩᠭᠢᠪᠡᠯ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠳᠣᠣᠷ᠎ᠠ ᠪᠣᠯᠣᠭᠰᠠᠨ ᠠᠴᠠ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠠᠴᠠ ᠵᠠᠶᠢᠯᠠᠰᠬᠢᠵᠦ ᠪᠣᠯᠬᠤ ᠮᠥᠷᠲᠡᠭᠡᠨ ᠪᠠᠰᠠ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠥᠨᠳᠥᠷ ᠪᠣᠯᠣᠭᠰᠠᠨ ᠠᠴᠠ ᠲᠠᠷᠢᠶᠠᠯᠠᠩ ᠤᠨ ᠥᠷᠢᠰᠥᠯᠳᠦᠬᠦ ᠬᠦᠴᠦᠨ ᠢ ᠨᠥᠯᠥᠭᠡᠯᠡᠬᠦ ᠠᠴᠠ ᠰᠡᠷᠭᠡᠶᠢᠯᠡᠵᠦ ᠴᠢᠳᠠᠨ᠎ᠠ᠃

    ᠭᠤᠷᠪᠠ ᠳᠤ᠂ ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠶ ᠶᠢ ᠠᠯᠪᠠᠳᠠᠯᠭ᠎ᠠ ᠪᠠᠷ ᠰᠢᠯᠵᠢᠭᠦᠯᠦᠨ ᠡᠷᠭᠢᠯᠳᠦᠭᠦᠯᠬᠦ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ᠃ ᠳᠠᠭᠠᠭᠠᠴᠢᠯᠠᠯᠲᠠ ᠶᠢᠨ ᠭᠠᠵᠠᠷ ᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠡᠰᠡᠬᠦ᠂ ᠦᠨ᠎ᠡ ᠬᠠᠩᠰᠢ ᠶᠢ ᠬᠡᠷᠬᠢᠨ ᠲᠣᠭᠲᠠᠭᠠᠬᠤ᠂ ᠬᠡᠯᠪᠡᠷᠢ ᠶᠢ ᠬᠡᠷᠬᠢᠨ ᠰᠣᠩᠭᠤᠬᠤ ᠶᠢ ᠲᠣᠭᠲᠠᠭᠠᠬᠤ ᠡᠷᠬᠡ ᠨᠢ ᠴᠥᠮ ᠲᠠᠷᠢᠶᠠᠴᠢᠨ ᠡᠷᠦᠬᠡ᠂ ᠲᠠᠷᠢᠶᠠᠴᠢᠳ ᠤᠨ ᠬᠡᠯᠡᠭᠰᠡᠨ ᠢᠶᠠᠷ ᠪᠣᠯᠭᠠᠨ᠎ᠠ᠂ ᠭᠦᠢᠴᠡᠳᠬᠡᠯ ᠲᠤᠭ᠎ᠠ ᠪᠠᠭᠤᠯᠭᠠᠬᠤ᠂ ᠡᠭᠦᠷᠭᠡ ᠲᠣᠭᠲᠠᠭᠠᠬᠤ ᠴᠢᠨᠠᠭᠰᠢᠯᠠᠪᠠᠯ ᠠᠯᠪᠠᠳᠠᠨ ᠵᠠᠷᠯᠢᠭᠳᠠᠵᠤ᠂ ᠲᠠᠷᠢᠶᠠᠴᠢᠳ ᠢ ᠳᠠᠭᠠᠭᠠᠴᠢᠯᠠᠭᠰᠠᠨ ᠭᠠᠵᠠᠷ ᠰᠢᠷᠣᠶ ᠠᠴᠠ ᠨᠢ ᠠᠯᠪᠠᠳᠠᠯᠭ᠎ᠠ ᠪᠠᠷ ᠰᠢᠬᠠᠨ ᠭᠠᠷᠭᠠᠵᠤ ᠪᠣᠯᠬᠤ ᠦᠭᠡᠢ᠃ ᠵᠠᠷᠢᠮ ᠭᠠᠵᠠᠷ ᠣᠷᠣᠨ ᠤ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠨᠥᠬᠦᠴᠡᠯ ᠪᠣᠯᠭᠠᠵᠤ᠂ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠲᠠᠯᠠᠪᠠᠶ᠂ ᠰᠢᠯᠵᠢᠭᠦᠯᠦᠨ ᠡᠷᠭᠢᠯᠳᠦᠭᠦᠯᠬᠦ ᠬᠠᠷᠢᠴᠠᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠡᠰᠡᠬᠦᠯ᠎ᠡ ᠲᠥᠷᠥ ᠶᠢᠨ ᠪᠣᠳᠣᠯᠭ᠎ᠠ ᠶᠢᠨ ᠱᠠᠩᠨᠠᠯ ᠳᠤ ᠣᠷᠣᠭᠤᠯᠵᠤ᠂ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠨᠣᠷᠮ᠎ᠠ ᠶᠢ ᠲᠥᠯᠥᠪᠵᠢᠭᠦᠯᠭᠡ ᠶᠢᠨ ᠭᠦᠢᠴᠡᠳᠬᠡᠯ ᠲᠤᠭ᠎ᠠ ᠪᠤᠶᠤ ᠲᠥᠷᠥᠯ ᠵᠦᠢᠯ ᠢ ᠮᠡᠳᠡᠭᠦᠯᠬᠦ ᠨᠥᠬᠦᠴᠡᠯ ᠪᠣᠯᠭᠠᠬᠤ ᠵᠡᠷᠭᠡ ᠵᠣᠬᠢᠰ ᠥᠬᠡᠶ ᠪᠠ ᠪᠤᠷᠤᠭᠤ ᠠᠷᠭ᠎ᠠ ᠬᠢᠳᠡᠯ ᠢ ᠴᠠᠭ ᠲᠤᠬᠠᠶ ᠳᠤ ᠨᠢ ᠵᠠᠯᠠᠷᠠᠭᠤᠯᠬᠤ ᠬᠡᠷᠡᠭᠲᠡᠶ᠃

ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠰᠦᠯᠵᠢᠶ᠎ᠡ