ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
ᠥᠪᠥᠷ ᠵᠠᠰᠠᠭ ᠦᠰᠦᠭ ﹇2025﹈ 6 ᠳ᠋ᠤᠭᠠᠷ ᠲᠣᠭᠠᠲᠤ
︽ ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2025 ᠣᠨ ︶ ︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠄
ᠲᠠᠨ ᠤ ᠬᠤᠲᠠ ᠶᠢᠨ ︽ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2024 ᠣᠨ - 2025 ᠣᠨ ︶ ᠤᠨ ᠲᠤᠬᠠᠢ ᠡᠰᠢᠯᠡᠯᠲᠡ ︾ ︵ᠤᠯᠠᠭᠠᠨᠬᠠᠳᠠ ᠵᠠᠰᠠᠭ ᠮᠡᠳᠡᠭᠦᠯᠦᠯᠲᠡ ﹇2024﹈ 195 ᠳ᠋ᠤᠭᠠᠷ ᠲᠣᠭᠠᠲᠤ ︶ ᠶᠢ ᠭᠥᠯᠢᠶᠡᠨ ᠠᠪᠴᠤ ᠣᠶᠢᠯᠠᠭᠠᠯ᠎ᠠ ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ ᠄
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ ᠂ ︽ ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2025 ᠣᠨ ︶ ︾ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠪᠠ ︽ ︿ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︾ ︵ᠪᠠᠶᠢᠭᠠᠯᠢ ᠡᠬᠢ ᠪᠠᠶᠠᠯᠢᠭ ᠲᠣᠭᠲᠠᠭᠠᠯ ﹇2023 ﹈ 7 ᠳ᠋ᠤᠭᠠᠷ ᠲᠣᠭᠠᠲᠤ ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ ︶ ︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠵᠦ ᠪᠠᠶᠢᠨ᠎ᠠ ᠃ ᠡᠶᠢᠨ ᠬᠦ ︽ ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2025 ᠣᠨ ︶ ︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ ᠃
2025 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶