2 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ ᠬᠦᠷᠴᠦ ᠪᠠᠶᠢᠴᠠᠭᠠᠨ ᠰᠤᠳᠤᠯᠪᠠ᠃

2 ᠰᠠᠷ᠎ᠠ ᠶᠢᠨ 7 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠥᠷᠢ ᠲᠥᠯᠥᠬᠦ ᠠᠵᠢᠯ ᠤᠨ ᠲᠤᠰᠬᠠᠢ ᠠᠩᠭᠢ ᠳᠤ ᠬᠦᠷᠴᠦ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠥᠯᠥᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃
ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ

2 ᠰᠠᠷ᠎ᠠ ᠶᠢᠨ 7 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠪᠡᠯᠡ ᠣᠷᠤᠭᠤᠯᠤᠯᠲᠠ ᠶᠢᠨ ᠲᠥᠯᠥᠪᠵᠢᠭᠦᠯᠭᠡ ᠶᠢᠨ ᠭᠠᠵᠠᠷ ᠲᠤ ᠪᠥᠬᠦ ᠣᠷᠣᠨ ᠤ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠦᠰᠦᠨᠦᠭᠲᠦ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃
ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ
ᠸᠠᠩ ᠯᠢ ᠰᠢᠶᠠ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠥᠯᠥᠵᠦ ᠪᠠᠶᠢᠭ᠎ᠠ ᠪᠠᠶᠢᠳᠠᠯ ᠢ ᠮᠠᠰᠢ ᠬᠠᠯᠠᠮᠵᠢᠯᠠᠵᠤ᠂ ᠥᠷᠢ ᠲᠥᠯᠥᠬᠦ ᠠᠵᠢᠯ ᠤᠨ ᠲᠤᠰᠬᠠᠢ ᠠᠩᠭᠢ ᠳᠤ ᠬᠦᠷᠴᠦ ᠪᠠᠶᠢᠳᠠᠯ ᠢ ᠨᠠᠷᠢᠨ ᠣᠶᠢᠯᠠᠭᠠᠵᠤ᠂ ᠨᠠᠷᠢᠯᠢᠭ ᠣᠨᠣᠪᠴᠢᠲᠠᠢ ᠪᠠᠷ ᠪᠠᠶᠢᠴᠠᠭᠠᠨ᠂ ᠣᠷᠬᠢᠭᠳᠠᠭᠤᠯᠬᠤ ᠠᠴᠠ ᠰᠡᠷᠭᠡᠶᠢᠯᠡᠵᠦ᠂ ︽ᠦᠷᠭᠦᠯᠵᠢᠯᠡᠨ ᠥᠷᠢᠲᠦᠬᠦ︾ ᠰᠢᠯᠲᠠᠭᠠᠨ ᠢ ᠭᠦᠢᠴᠡᠳ ᠪᠣᠳᠣᠯᠬᠢᠯᠠᠵᠤ᠂ ᠠᠵᠤ ᠠᠬᠤᠶᠢᠯᠠᠯ ᠤᠨ ᠳᠠᠩᠰᠠᠨ ᠵᠣᠭᠤᠰ ᠢ ᠤᠳᠠᠭᠠᠰᠢᠷᠠᠭᠤᠯᠤᠨ ᠥᠷᠢᠲᠦᠬᠦ ᠠᠴᠠ ᠪᠣᠯᠵᠤ ᠠᠵᠢᠯᠴᠢᠳ ᠤᠨ ᠴᠠᠯᠢᠩ ᠢ ᠥᠷᠢᠲᠦᠬᠦ ᠶᠢ ᠰᠡᠷᠭᠡᠶᠢᠯᠡᠬᠦ ᠬᠡᠷᠡᠭᠲᠡᠢ ᠭᠡᠵᠦ ᠵᠠᠬᠢᠪᠠ᠃ ᠪᠡᠯᠡ ᠣᠷᠣᠭᠤᠯᠤᠯᠲᠠ ᠶᠢᠨ ᠲᠥᠯᠦᠪᠵᠢᠭᠦᠯᠭᠡ ᠶᠢᠨ ᠭᠠᠵᠠᠷ ᠲᠤ᠂ ᠲᠡᠷᠡ ᠪᠦᠭᠦ ᠣᠷᠣᠨ ᠤ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠦᠰᠦᠨᠦᠭᠲᠦ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠪᠦᠭᠦ ᠣᠷᠣᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠡᠯ᠎ᠡ ᠠᠶᠢᠮᠠᠭ ᠬᠤᠲᠠ ᠶᠢ ᠵᠢᠯᠤᠭᠤᠳᠴᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠠᠬᠤᠢ ᠶᠢᠨ ᠡᠷᠭᠢᠯᠲᠡ ᠶᠢᠨ ᠲᠣᠪᠴᠢᠶ᠎ᠠ ᠳᠤ ᠲᠡᠷᠡ᠂ ᠡᠨᠡ ᠪᠣᠯ ᠳᠠᠷᠤᠢ ︽ᠪᠠᠶᠢᠯᠳᠤᠭᠠᠨ︾ ᠤ ᠵᠢᠯᠤᠭᠤᠳᠬᠤ ᠲᠠᠰᠤᠭ ᠪᠣᠯᠣᠨ᠎ᠠ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠶᠡᠭᠡ ᠶᠢ ᠠᠳᠬᠤᠵᠤ ᠪᠠᠭ᠎ᠠ ᠶᠢ ᠦᠯᠦ ᠲᠠᠯᠪᠢᠬᠤ ᠶᠢ ᠪᠠᠷᠢᠮᠲᠠᠯᠠᠵᠤ᠂ ᠲᠣᠬᠢᠷᠠᠭᠤᠯᠤᠯᠲᠠ ᠶᠢᠨ ᠴᠠᠭᠴᠢ ᠴᠢᠨᠠᠷ᠂ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠠᠵᠢᠯ ᠲᠦᠷᠦᠯ ᠨᠢᠭᠡᠪᠦᠷᠢ ᠶᠢᠨ ᠪᠠᠶᠢᠳᠠᠯ᠂ ᠠᠶᠢᠮᠠᠭ ᠬᠤᠲᠠ ᠨᠢᠭᠡᠪᠦᠷᠢ ᠶᠢᠨ ᠪᠠᠶᠢᠳᠠᠯ ᠳᠤ ᠪᠦᠷ ᠳᠣᠲᠣᠷ᠎ᠠ ᠪᠠᠨ ᠲᠤᠭ᠎ᠠ ᠲᠠᠢ ᠪᠠᠶᠢᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠠᠵᠤ ᠠᠬᠤᠢ ᠶᠢᠨ ᠡᠷᠭᠢᠯᠲᠡ ᠳᠤᠮᠳᠠᠬᠢ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ᠃

2 ᠰᠠᠷ᠎ᠠ ᠶᠢᠨ 7 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ
ᠳᠠᠷᠠᠭ᠎ᠠ ᠨᠢ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠦᠢᠯᠡᠳᠪᠦᠷᠢ ᠨᠢ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤᠮᠳᠠ ᠴᠢᠬᠤᠯᠠ ᠡᠭᠦᠷᠭᠡ ᠡᠭᠦᠷᠭᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠬᠦ ᠬᠠᠷᠠᠯᠲᠠ ᠶᠢ ᠪᠠᠷᠢᠮᠲᠠᠯᠠᠵᠤ᠂ ᠬᠦᠴᠢᠷ ᠪᠡᠷᠬᠡᠰᠢᠶᠡᠯ ᠥᠷᠢᠰᠦᠯᠳᠦᠭᠡᠨ ᠢ ᠪᠦᠭᠦ ᠬᠦᠴᠦᠨ ᠢᠶᠠᠷ ᠢᠶᠠᠨ ᠢᠯᠡᠨ ᠳᠠᠪᠠᠵᠤ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠬᠤ ᠬᠡᠷᠡᠭᠲᠡᠢ᠃ ︽ᠵᠢᠷᠭᠤᠭᠠᠨ ᠠᠵᠢᠯᠯᠠᠭ᠎ᠠ︾ ᠳᠤᠮᠳᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ 1398 ᠭᠤᠣᠯᠳᠠᠯᠭ᠎ᠠ ᠲᠠᠢ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠪᠠᠲᠤᠯᠠᠬᠤ ᠭᠡᠷᠡᠭᠲᠡᠶ︔ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠵᠦ᠂ ᠵᠠᠬ᠎ᠠ ᠳᠡᠯᠭᠡᠭᠦᠷ ᠢ ᠨᠢ ᠥᠷᠭᠡᠳᠬᠡᠵᠦ᠂ ᠬᠠᠮᠢᠶ᠎ᠠ ᠪᠦᠬᠦᠢ ᠡᠬᠢᠨ ᠤ ᠪᠠ ᠡᠴᠦᠰ ᠤᠨ ᠬᠡᠯᠬᠢᠶ᠎ᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠭᠡᠷᠡᠭᠲᠡᠢ︔ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠠᠵᠤ ᠠᠬᠤᠶᠢᠯᠠᠯ ᠪᠣᠯᠣᠨ ᠴᠢᠳᠠᠪᠤᠷᠢᠲᠠᠨ ᠳᠤ ᠬᠥᠭᠦᠷᠭᠡ ᠬᠤᠯᠪᠣᠭᠠᠰᠤ ᠪᠣᠯᠵᠤ᠂ ᠠᠵᠤ ᠦᠢᠯᠡᠰ ᠤᠨ ᠬᠥᠭᠵᠢᠯᠲᠡ ᠪᠠᠷ ᠨᠡᠩ ᠤᠯᠠᠨ ᠠᠵᠢᠯ ᠣᠯᠭᠤᠯᠲᠠ ᠶᠢ ᠳᠠᠶᠢᠴᠢᠯᠠᠬᠤ ᠭᠡᠷᠡᠭᠲᠡᠢ︔ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠭᠤᠣᠯᠳᠠᠯᠭ᠎ᠠ ᠲᠠᠢ ᠠᠵᠢᠯ ᠲᠥᠷᠥᠯ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠩ ᠣᠯᠠᠨ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠪᠠ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠭᠡᠷᠡᠭᠲᠡᠶ︔ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠣᠷᠣᠨ ᠪᠦᠰᠡ ᠶᠢᠨ ᠬᠤᠭᠤᠷᠣᠨᠳᠣᠭᠢ᠂ ᠣᠷᠣᠨ ᠨᠤᠲᠤᠭ ᠤᠨ ᠬᠤᠭᠤᠷᠣᠨᠳᠣᠭᠢ ᠠᠵᠤ ᠦᠢᠯᠡᠰ ᠤᠨ ᠬᠠᠮᠵᠢᠯᠴᠠᠭ᠎ᠠ ᠶᠢ ᠴᠢᠩᠭᠠᠳᠬᠠᠵᠤ᠂ ᠪᠦᠭᠦ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠨᠡᠶᠢᠴᠡᠬᠦ ᠠᠵᠤ ᠦᠢᠯᠡᠰ ᠤᠨ ᠲᠦᠷᠦᠯ ᠵᠦᠢᠯ ᠢ ᠰᠠᠶᠢᠲᠤᠷ ᠳᠡᠮᠵᠢᠬᠦ ᠭᠡᠷᠡᠭᠲᠡᠢ︔ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠠᠵᠤ ᠦᠢᠯᠡᠳᠪᠦᠷᠢ ᠶᠢᠨ ᠲᠡᠦᠬᠡ ᠰᠣᠶᠣᠯ ᠢ ᠭᠦᠨᠵᠡᠭᠡᠢ ᠠᠭᠤᠳᠠᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠢ᠃ ︽ᠠᠷᠪᠠᠨ ᠶᠡᠭᠡ ᠠᠵᠤ ᠦᠢᠯᠡᠰ ᠤᠨ ᠪᠦᠯᠦᠭᠵᠢᠯ︾ ᠢ ᠴᠣᠭᠴᠠᠯᠠᠬᠤ ᠳᠤᠮᠳᠠ ᠭᠤᠣᠯ ᠰᠢᠪᠲᠤᠯᠤᠯᠲᠠ ᠬᠢᠵᠦ᠂ ᠳᠡᠭᠡᠳᠦ ᠲᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠶᠢᠵᠢᠯᠳᠡ ᠶᠢᠨ ᠬᠠᠷᠠᠯᠲᠠ ᠶᠢ ᠲᠣᠭᠲᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠦᠷᠦᠭᠦᠦ ᠤᠯᠠᠷᠢᠯ ᠤᠨ ︽ᠰᠠᠶᠢᠨ ᠡᠭᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠶᠣᠣ ᠶᠦᠩ ᠪᠦᠸᠧ ᠠᠵᠢᠯᠯᠠᠭ᠎ᠠ ᠳᠤ ᠣᠷᠣᠯᠴᠠᠪᠠ᠃