|
ᠲᠦᠩᠯᠢᠶᠣᠣ ᠬᠤᠲᠠ ᠴᠢᠬᠤᠯᠠ ᠶᠡᠭᠡ ᠲᠥᠷᠥᠯ ᠵᠦᠢᠯ ᠤᠨ ᠡᠷᠲᠡ ᠠᠵᠢᠯ ᠡᠬᠢᠯᠡᠭᠦᠯᠬᠦ ᠡᠷᠲᠡ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠵᠤ ᠪᠣᠶ |
|
|
ᠨᠡᠶᠢᠲᠡᠯᠡᠭᠰᠡᠨ ᠴᠠᠭ᠄
2025/3/12
|
|
ᠲᠦᠩᠯᠢᠶᠣᠣ ᠬᠤᠲᠠ ᠴᠢᠬᠤᠯᠠ ᠶᠡᠭᠡ ᠲᠦᠷᠦᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠣᠢ᠃ ᠯᠦᠩ ᠮᠠ ᠰᠠᠯᠬᠢᠨ ᠬᠦᠴᠦᠨ ᠴᠠᠬᠢᠯᠭᠠᠨ ᠤ ᠲᠡᠩᠭᠡᠯᠢᠭ᠂ ᠾᠦᠸᠧ ᠳ᠋ᠦ᠋ ᠰᠢᠨ᠎ᠡ ᠮᠠᠲ᠋ᠧᠷᠢᠶᠠᠯ᠂ ᠵᠠᠬᠠᠨᠠᠭᠤᠷ ᠬᠥᠩᠭᠡᠨᠴᠠᠭᠠᠨ ᠤ ᠬᠤᠶᠠᠳᠤᠭᠠᠷ ᠬᠤᠭᠤᠴᠠᠭ᠎ᠠ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠰᠠᠯᠬᠢᠨ ᠬᠦᠴᠦᠨ ᠴᠠᠬᠢᠯᠭᠠᠨ ᠤ ᠰᠠᠭᠤᠷᠢᠨ ᠭᠠᠵᠠᠷ᠂ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠡᠷᠭᠡ ᠴᠡᠪᠡᠷ ᠡᠨᠧᠷᠭᠢ ᠶᠢᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠡᠨᠧᠷᠭᠢ ᠶᠢᠨ ᠬᠦᠷᠢᠶᠡᠨ ᠳᠤ ᠨᠡᠶᠢᠲᠡ 71 ᠲᠥᠷᠥᠯ ᠵᠦᠢᠯ ᠨᠥᠭᠡᠴᠡᠯᠡᠬᠦ ᠪᠠᠷ ᠲᠥᠯᠥᠪᠯᠡᠵᠦ᠂ ᠵᠢᠯ ᠳᠤ 170 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠢ︔ ᠪᠥᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 544᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 61᠂ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 11 ᠬᠡᠷᠡᠭᠵᠢᠭᠦᠯᠬᠦ ᠪᠠᠷ ᠲᠥᠯᠥᠪᠯᠡᠵᠦ ᠪᠣᠶ᠃ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠥᠷᠨᠢᠭᠦᠯᠵᠦ᠂ ᠡᠭᠦᠨ ᠳᠤ ᠡᠮᠦᠨᠡᠬᠢ ᠬᠤᠭᠤᠴᠠᠭᠠᠨ ᠤ ᠠᠷᠪᠠᠨ ᠵᠦᠢᠯ ᠤᠨ ᠭᠠᠷᠳᠠᠮ ᠢ ᠴᠥᠮ ᠭᠦᠢᠴᠡᠳᠬᠡᠵᠦ ᠳᠠᠭᠤᠰᠬᠠᠭᠰᠠᠨ ᠲᠥᠷᠥᠯ ᠵᠦᠢᠯ 416 ᠪᠠᠶᠢᠵᠤ᠂ ᠲᠥᠷᠥᠯ ᠵᠦᠢᠯ ᠢ ᠭᠦᠢᠴᠡᠳᠬᠡᠵᠦ ᠳᠠᠭᠤᠰᠬᠠᠭᠰᠠᠨ ᠨᠣᠷᠮ᠎ᠠ 76.5% ᠳᠤ ᠬᠥᠷᠪᠡ︔ ᠨᠡᠶᠢᠲᠡ 2217 ᠵᠦᠢᠯ ᠤᠨ ᠭᠦᠢᠴᠡᠳᠬᠡᠬᠦ ᠴᠢᠬᠤᠯᠠᠲᠠᠢ ᠭᠠᠷᠳᠠᠮ ᠠᠴᠠ ᠭᠦᠢᠴᠡᠳᠬᠡᠵᠦ ᠳᠠᠭᠤᠰᠬᠠᠭᠰᠠᠨ ᠪᠤᠶᠤ ᠭᠦᠢᠴᠡᠳᠬᠡᠬᠦ ᠴᠢᠬᠤᠯᠠ ᠦᠭᠡᠢ ᠨᠢ 1956 ᠪᠠᠶᠢᠵᠤ᠂ ᠭᠠᠷᠳᠠᠮ ᠭᠦᠢᠴᠡᠳᠬᠡᠵᠦ ᠳᠠᠭᠤᠰᠬᠠᠭᠰᠠᠨ ᠨᠣᠷᠮ᠎ᠠ 88.2% ᠲᠤ ᠬᠥᠷᠪᠡ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
︽ᠡᠳᠦᠷ ᠪᠦᠷᠢ ᠶᠢᠨ ᠴᠢᠬᠤᠯᠠ ᠮᠡᠳᠡᠭᠡ︾ ᠰᠡᠳᠬᠦᠯ
|