ᠤᠯᠠᠭᠠᠨᠬᠠᠳᠠ ᠬᠤᠲᠠ ᠡᠯᠡᠰᠦᠨ ᠭᠠᠵᠠᠷ ᠢ ᠵᠠᠰᠠᠬᠤ ᠭᠤᠷᠪᠠᠨ ᠬᠡᠪ ᠵᠠᠭᠪᠤᠷ ᠢ ᠬᠠᠶᠢᠨ ᠰᠦᠪᠡᠭᠴᠢᠯᠡᠵᠦ  ᠭᠠᠵᠠᠷ ᠰᠢᠷᠣᠶ ᠶᠢ ᠨᠡᠶᠢᠯᠡᠭᠦᠯᠦᠨ ᠠᠰᠢᠭᠯᠠᠬᠤ ︽ᠦᠯᠢᠭᠡᠷ ᠳᠠᠭᠤᠷᠢᠶᠠᠯ︾ ᠤᠳ ᠢ ᠪᠣᠶ ᠪᠣᠯᠭᠠᠪᠠ
ᠨᠡᠶᠢᠲᠡᠯᠡᠭᠰᠡᠨ ᠴᠠᠭ᠄
2025/3/18

      ᠨᠢᠭᠡ ᠨᠢ ᠡᠯᠡᠰᠦᠨ ᠭᠠᠵᠠᠷ ᠢ ᠪᠣᠰᠤᠭ᠎ᠠ ᠴᠣᠭᠴᠠ ᠪᠠᠷ ᠨᠡᠭᠡᠭᠡᠨ ᠠᠰᠢᠭᠯᠠᠬᠤ ᠬᠡᠪ ᠵᠠᠭᠪᠤᠷ᠃ ᠠᠰᠢᠬᠠᠨ ᠰᠤᠮᠤᠨ ᠳᠤ ᠬᠤᠷᠴᠢᠨ ᠤ ᠡᠯᠡᠰᠦ ᠶᠢᠨ ᠠᠮᠢ ᠠᠬᠤᠶ ᠶᠢ ᠵᠠᠰᠠᠬᠤ ᠰᠢᠨ᠎ᠡ ᠡᠨᠧᠷᠭᠢ ᠶᠢᠨ ᠪᠠᠷᠢᠮᠵᠢᠶᠠᠲᠤ ᠭᠠᠵᠠᠷ ᠢ 5 ᠲᠦᠮᠡᠨ ᠮᠥ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠭᠡᠷᠡᠯᠴᠢ ᠴᠡᠨᠡᠭ ᠤᠨ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠣᠤᠷ᠎ᠠ ᠪᠠ ᠬᠠᠪᠲᠠᠰᠤᠨ ᠤ ᠬᠤᠭᠤᠷᠣᠨᠳᠣ ᠰᠢᠬᠢᠷ ᠡᠪᠡᠰᠦ ᠲᠡᠵᠢᠭᠡᠯ ᠡᠪᠡᠰᠦ᠂ ᠠᠵᠤ ᠠᠬᠤᠶ ᠶᠢᠨ ᠣᠶ ᠰᠢᠭᠤᠢ ᠵᠡᠷᠭᠡ ᠠᠮᠢ ᠠᠬᠤᠶ ᠶᠢᠨ ᠲᠠᠷᠢᠮᠠᠯ ᠢ ᠲᠠᠷᠢᠬᠤ ᠶᠢ ᠬᠡᠷᠡᠭᠵᠢᠭᠦᠯᠦᠨ᠂ ︽ᠮᠠᠯ ᠠᠵᠤ ᠠᠬᠤᠶ ᠪᠠ ᠭᠡᠷᠡᠯᠴᠢ ᠴᠡᠨᠡᠭ ᠤᠨ ᠬᠠᠷᠢᠯᠴᠠᠨ ᠨᠦᠬᠦᠪᠦᠷᠢᠯᠡᠬᠦ︾ ᠶᠢ ᠪᠡᠶᠡᠯᠡᠭᠦᠯᠪᠡ᠃ ᠣᠳᠣᠬᠠᠨ ᠳᠤ᠂ ᠨᠢᠭᠡᠨᠲᠡ ᠪᠠᠶᠢᠭᠤᠯᠤᠭᠰᠠᠨ ᠭᠡᠷᠡᠯᠴᠢ ᠴᠡᠨᠡᠭ ᠤᠨ ᠬᠠᠪᠲᠠᠰᠤᠨ ᠤ ᠲᠤᠭ᠎ᠠ 9.16 ᠲᠦᠮᠡ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ 130 ᠲᠦᠮᠡᠨ ᠺᠢᠯᠣᠸᠠᠲ ᠲᠤ ᠬᠦᠷᠪᠡ᠂ ᠵᠢᠱᠢᠯᠲᠡ ᠪᠠᠷ ᠵᠢᠯ ᠤᠨ ᠣᠷᠣᠯᠭ᠎ᠠ ᠶᠢ 1.29 ᠳ᠋ᠦᠩᠰᠢᠭᠤᠷ ᠲᠥᠭᠦᠷᠢᠭ ᠲᠤ ᠬᠦᠷᠦᠭᠦᠯᠬᠦ ᠶᠢᠨ ᠬᠠᠮᠲᠤ 5 ᠲᠦᠮᠡᠨ ᠠᠯᠠᠰᠢᠨ ᠦᠬᠡᠷ ᠲᠤ ᠡᠪᠡᠰᠦ ᠪᠣᠷᠳᠤᠭ᠎ᠠ ᠬᠠᠩᠭᠠᠬᠤ ᠪᠣᠯᠣᠮᠵᠢ ᠲᠠᠢ᠃ ᠬᠤᠶᠠᠷ ᠨᠢ ᠡᠯᠡᠰᠦᠨ ᠭᠠᠵᠠᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠬᠡᠪ ᠵᠠᠭᠪᠤᠷ᠃ ᠲᠠᠷᠢᠶᠠᠯᠠᠬᠤ ᠭᠠᠵᠠᠷ ᠪᠣᠯᠭᠠᠨ ᠬᠤᠪᠢᠷᠠᠭᠤᠯᠬᠤ ᠳᠤ ᠳᠣᠬᠢᠷᠠᠮᠵᠢ ᠦᠭᠡᠢ 614 ᠲᠦᠮᠡᠨ ᠮᠦ ᠡᠯᠡᠰᠦᠷᠬᠡᠭ ᠭᠠᠵᠠᠷ ᠲᠤ ᠴᠢᠭᠯᠡᠭᠦᠯᠦᠨ᠂ ᠵᠠᠮ ᠢᠶᠠᠷ ᠡᠯᠡᠰᠦ ᠶᠢ ᠵᠠᠰᠠᠬᠤ᠂ ᠲᠤᠷᠤᠭ ᠪᠤᠳᠠ ᠡᠪᠡᠰᠦ ᠶᠢ ᠤᠶᠠᠯᠳᠤᠭᠤᠯᠬᠤ᠂ ᠪᠢᠲᠡᠭᠦᠮᠵᠢᠯᠡᠨ ᠣᠶᠢᠵᠢᠭᠤᠯᠬᠤ ᠨᠢᠰᠬᠡᠯ ᠢᠶᠠᠷ ᠲᠠᠷᠢᠵᠤ ᠣᠶᠢᠵᠢᠭᠤᠯᠬᠤ ᠥᠭᠡᠷᠡᠴᠢᠯᠡᠨ ᠵᠠᠰᠠᠬᠤ ᠶᠢ ᠵᠡᠷᠭᠡ ᠪᠠᠷ ᠬᠡᠷᠡᠭᠵᠢᠭᠦᠯᠬᠦ ᠵᠡᠷᠭᠡ ᠡᠯᠡᠰᠦ ᠶᠢ ᠵᠠᠰᠠᠬᠤ ᠬᠡᠪ ᠵᠠᠭᠪᠤᠷ ᠤᠳ ᠢ ᠬᠡᠷᠡᠭᠵᠢᠭᠦᠯᠦᠭᠡᠳ ᠣᠳᠣᠬᠠᠨ ᠳᠤ ᠡᠯᠡᠰᠦ ᠶᠢ ᠲᠤᠭᠤᠯᠤᠭᠰᠠᠨ ᠵᠠᠰᠠᠮᠠᠯ ᠵᠠᠮ ᠢ 16 ᠵᠤᠷᠪᠤᠰ ᠨᠡᠪᠲᠡᠷᠡᠭᠦᠯᠵᠦ᠂ 551 ᠲᠦᠮᠡᠨ ᠮᠦ ᠡᠯᠡᠰᠦᠨ ᠭᠠᠵᠠᠷ ᠢ ᠶᠡᠷᠦᠩᠬᠡᠶᠢᠯᠡᠨ ᠵᠠᠰᠠᠪᠠ᠂ ᠡᠨᠡ ᠵᠢᠯ ᠡᠯᠡᠰᠦ ᠶᠢ ᠲᠤᠭᠤᠯᠤᠭᠰᠠᠨ 3 ᠵᠤᠷᠪᠤᠰ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ 46 ᠲᠦᠮᠡᠨ ᠮᠦ ᠡᠯᠡᠰᠦᠨ ᠭᠠᠵᠠᠷ ᠢ ᠶᠡᠷᠦᠩᠬᠡᠶᠢᠯᠡᠨ ᠵᠠᠰᠠᠬᠤ ᠪᠠᠷ ᠲᠥᠯᠥᠪᠯᠡᠵᠦ ᠪᠣᠢ᠃ ᠭᠤᠷᠪᠠ ᠨᠢ ᠡᠯᠡᠰᠦᠨ ᠭᠠᠵᠠᠷ ᠤᠨ ᠡᠬᠢ ᠪᠠᠶᠠᠯᠢᠭ ᠢ ᠠᠭᠤᠳᠠᠯᠬᠤ ᠬᠡᠪ ᠵᠠᠭᠪᠤᠷ᠃ ᠡᠯᠡᠰᠦᠨ ᠭᠠᠵᠠᠷ ᠵᠢᠴᠢ ᠡᠷᠭᠢᠨ ᠲᠣᠭᠤᠷᠢᠨ ᠤ 3 ᠲᠦᠮᠡ ᠭᠠᠷᠤᠶ ᠮᠦ ᠭᠠᠵᠠᠷ ᠰᠢᠷᠣᠶ ᠶᠢ ᠵᠦᠶ ᠵᠣᠬᠢᠰᠲᠠᠶ ᠠᠰᠢᠭᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦᠭᠡᠮᠡᠯᠵᠢᠭᠦᠯᠬᠦ᠂ ᠰᠣᠶᠣᠯ ᠤᠨ ᠪᠡᠶᠡᠴᠢᠯᠡᠨ ᠣᠶᠢᠯᠠᠭᠠᠬᠤᠢ᠂ ᠰᠡᠯᠡᠭᠦᠴᠡᠯ ᠵᠤᠭᠠᠴᠠᠯ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠡᠯᠡᠰᠦᠨ ᠭᠠᠵᠠᠷ ᠤᠨ ᠵᠢᠭᠤᠯᠴᠢᠯᠠᠯ ᠤᠨ ᠰᠠᠭᠤᠷᠢᠨ ᠭᠠᠵᠠᠷ ᠢ 3 ᠪᠠᠶᠢᠭᠤᠯᠤᠭᠠᠳ ᠣᠳᠣᠬᠠᠨ ᠪᠣᠯᠲᠠᠯ᠎ᠠ ᠡᠯᠡᠰᠦᠨ ᠭᠠᠵᠠᠷ ᠤᠨ ᠵᠢᠭᠤᠯᠴᠢᠯᠠᠯ ᠤᠨ ᠰᠠᠭᠤᠷᠢᠨ ᠭᠠᠵᠠᠷ ᠨᠢ ᠵᠢᠯ ᠪᠦᠷᠢ ᠵᠢᠭᠤᠯᠴᠢᠯᠠᠭᠴᠢᠳ ᠢ 123 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠶᠡᠷᠦᠩᠬᠡᠶᠢᠯᠡᠭᠰᠡᠨ ᠵᠢᠭᠤᠯᠴᠢᠯᠠᠯ ᠤᠨ ᠣᠷᠣᠯᠭ᠎ᠠ ᠨᠢ 15.91 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ︔ ᠣᠨᠴᠠᠯᠢᠭᠲᠤ ᠳᠠᠪᠠᠭᠤᠯᠢᠭ ᠠᠭᠤᠷᠬᠠᠶ ᠶᠢᠨ ᠵᠦᠢᠯ ᠢ ᠬᠥᠭᠵᠢᠭᠦᠯᠵᠦ᠂ ᠥᠭᠡᠬᠦᠨ ᠴᠢᠯᠠᠭᠤᠨ ᠬᠠᠶᠢᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠥᠭᠡᠬᠦᠨ ᠴᠢᠯᠠᠭᠤᠨ ᠬᠠᠶᠢᠷ ᠤᠨ ᠠᠭᠤᠷᠬᠠᠶ ᠮᠠᠯᠳᠠᠬᠤ ᠡᠷᠬᠡ ᠶᠢ 3 ᠲᠣᠬᠢᠷᠠᠭᠤᠯᠵᠤ᠂ ᠵᠢᠯ ᠤᠨ ᠦᠢᠯᠡᠳᠪᠦᠷᠢᠯᠡᠯ ᠤᠨ ᠬᠡᠪᠴᠢᠶᠡᠵᠢᠯ ᠨᠢ 50 ᠲᠦᠮᠡᠨ ᠺᠦᠪ ᠮᠧᠲᠷ ᠪᠠᠶᠢᠵᠤ᠂ ᠵᠢᠯ ᠤᠨ ᠦᠢᠯᠡᠳᠬᠦᠨ ᠤ ᠥᠷᠲᠡᠭ ᠨᠢ 2000 ᠲᠦᠮᠡᠨ ᠲᠥᠭᠦᠷᠢᠭ ᠲᠤ ᠬᠦᠷᠪᠡ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ