|
ᠣᠷᠴᠢᠮᠬᠠᠨ ᠦᠬᠠᠢ ᠬᠤᠲᠠ ᠶᠢᠨ ︽ᠤᠰᠤᠨ ᠤ ᠣᠯᠠᠨ ᠰᠤᠷᠪᠤᠯᠵᠢ ᠶᠢᠨ ᠨᠢᠭᠡᠳᠦᠯᠲᠡᠢ ᠲᠣᠬᠢᠷᠠᠭᠤᠯᠤᠯᠲᠠ ᠶᠢ ᠴᠢᠩᠭᠠᠳᠬᠠᠵᠤ᠂ ᠤᠰᠤᠨ ᠤ ᠲᠥᠰᠥᠪ ᠤᠨ | ᠬᠠᠮᠢᠶᠠᠷᠤᠯᠲᠠ ᠶᠢ ᠬᠡᠷᠡᠭᠵᠢᠭᠦᠯᠦᠭᠰᠡᠨ︾ ᠵᠢᠱᠢᠶ᠎ᠡ ᠨᠢ 2024 ᠣᠨ ᠤ ᠳᠤᠮᠳᠠᠳᠤ ᠤᠯᠤᠰ ᠤᠨ ᠤᠰᠤ ᠠᠷᠪᠢᠯᠠᠬᠤ ᠠᠷᠪᠠᠨ ᠶᠡᠭᠡ ᠰᠣᠩᠭᠤᠳᠠᠭ ᠬᠡᠷᠡᠭ ᠤᠨ | ᠵᠢᠱᠢᠶ᠎ᠡ ᠪᠠᠷ ᠰᠣᠩᠭᠤᠭᠳᠠᠪᠠ |
|
|
ᠨᠡᠶᠢᠲᠡᠯᠡᠭᠰᠡᠨ ᠴᠠᠭ᠄
2025/3/19
|
|
ᠣᠶᠢᠷ᠎ᠠ ᠶᠢᠨ ᠵᠢᠯ ᠤᠳ ᠠᠴᠠ ᠨᠠᠭᠠᠰᠢ᠂ ᠦᠬᠠᠢ ᠬᠤᠳᠠ ᠶᠢᠨ ᠬᠢᠨ ᠤᠰᠤ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠰᠦᠪᠡᠭᠴᠢᠯᠡᠵᠦ᠂ ︽ᠲᠥᠰᠥᠪ + ᠲᠥᠯᠥᠪᠯᠡᠭᠡ + ᠲᠣᠭᠲᠠᠭᠰᠠᠨ ᠲᠤᠭ᠎ᠠ︾ ᠪᠠ ᠬᠡᠪ ᠤᠨ ᠪᠤᠰᠤ ᠤᠰᠤ ᠶᠢ ᠨᠡᠭᠡᠭᠡᠨ ᠠᠰᠢᠭᠯᠠᠬᠤ ︽3+X︾ ᠬᠠᠮᠢᠶᠠᠷᠤᠯᠲᠠ ᠶᠢᠨ ᠬᠡᠪ ᠵᠠᠭᠪᠤᠷ ᠲᠤ ᠰᠢᠨ᠎ᠡ ᠶᠢ ᠡᠭᠦᠳᠦᠨ ᠬᠡᠷᠡᠭᠵᠢᠭᠦᠯᠦᠭᠰᠡᠨ ᠪᠥᠭᠡᠳ ᠬᠡᠪ ᠤᠨ ᠪᠤᠰᠤ ᠤᠰᠤ ᠶᠢ ᠪᠦᠬᠦ ᠬᠤᠳᠠ ᠶᠢᠨ ᠤᠰᠤᠨ ᠰᠤᠷᠪᠤᠯᠵᠢ ᠶᠢᠨ ᠨᠢᠭᠡᠳᠦᠯᠲᠡᠢ ᠲᠣᠬᠢᠷᠠᠭᠤᠯᠤᠯᠲᠠ ᠳᠤ ᠣᠷᠣᠭᠤᠯᠤᠨ᠂ ᠨᠥᠬᠦᠴᠡᠯ ᠪᠦᠷᠢᠳᠦᠭᠰᠡᠨ ᠠᠵᠤ ᠠᠬᠤᠶᠢᠯᠠᠯ ᠳᠤ 10%-30% ᠶᠢᠨ ᠬᠠᠷᠢᠴᠠᠯ ᠢᠶᠠᠷ ᠬᠡᠪ ᠤᠨ ᠪᠤᠰᠤ ᠤᠰᠤᠨ ᠰᠤᠷᠪᠤᠯᠵᠢ ᠲᠣᠬᠢᠷᠠᠭᠤᠯᠵᠠᠢ᠃ ᠪᠥᠬᠦ ᠬᠤᠲᠠ ᠶᠢᠨ ᠪᠣᠬᠢᠷ ᠤᠰᠤ ᠰᠢᠢᠳᠪᠦᠷᠢᠯᠡᠬᠦ 6 ᠦᠢᠯᠡᠳᠪᠦᠷᠢ ᠶᠢᠨ ᠴᠢᠨᠠᠷ ᠢ ᠳᠡᠭᠡᠭᠰᠢᠯᠡᠭᠦᠯᠦᠨ ᠴᠢᠳᠠᠮᠵᠢ ᠶᠢ ᠨᠢ ᠥᠷᠭᠡᠳᠬᠡᠬᠦ ᠶᠢ ᠠᠬᠢᠭᠤᠯᠵᠤ᠂ ︽ᠪᠣᠬᠢᠷ ᠤᠰᠤ ᠰᠢᠢᠳᠪᠦᠷᠢᠯᠡᠬᠦ ᠦᠢᠯᠡᠳᠪᠦᠷᠢ + ᠠᠵᠤ ᠠᠬᠤᠶᠢᠯᠠᠯ︾ ᠤᠨ ︽ᠨᠢᠭᠡ ᠠᠴᠠ ᠣᠯᠠᠨ ᠳᠤ ᠴᠢᠭᠯᠡᠭᠦᠯᠦᠭᠰᠡᠨ︾ ᠳᠠᠬᠢᠯᠲᠠ ᠤᠰᠤ ᠶᠢᠨ ᠪᠤᠴᠠᠭᠠᠨ ᠬᠡᠷᠡᠭᠯᠡᠬᠦ ᠰᠢᠰᠲ᠋ᠧᠮ ᠢ ᠪᠦᠲᠦᠭᠡᠨ ᠪᠠᠶᠢᠭᠤᠯᠪᠠ᠃ ᠳᠠᠬᠢᠯᠲᠠ ᠤᠰᠤᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠨᠡᠶᠢᠲᠡ 49 ᠡᠷᠦᠬᠡ᠂ 2622 ᠲᠦᠮᠡᠨ ᠺᠦᠪ ᠮᠧᠲᠷ ᠲᠣᠬᠢᠷᠠᠭᠤᠯᠵᠤ᠂ ᠳᠠᠬᠢᠯᠲᠠ ᠤᠰᠤ ᠶᠢ ᠠᠰᠢᠭᠯᠠᠭᠰᠠᠨ ᠨᠣᠷᠮ᠎ᠠ 90% ᠶᠢ ᠳᠠᠪᠠᠪᠠ᠃ ᠲᠤᠰᠬᠠᠢ ᠣᠷᠣᠨ ᠤ ᠳᠡᠰ ᠤᠨ ᠬᠤᠲᠠ ᠶᠢᠨ ᠤᠰᠤᠨ ᠤ ᠥᠮᠴᠢᠯᠡᠬᠦ ᠬᠡᠷᠡᠭᠯᠡᠬᠦ ᠡᠷᠬᠡ ᠶᠢᠨ ᠠᠷᠠᠯᠵᠢᠶᠠᠨ ᠤ ᠡᠯᠧᠺᠲᠷᠣᠨ ᠲᠠᠪᠴᠠᠩ ᠢ ᠥᠪᠡᠷᠲᠡᠭᠡᠨ ᠵᠠᠰᠠᠬᠤ ᠣᠷᠣᠨ ᠳᠤ ᠤᠷᠢᠳ ᠢᠶᠠᠷ ᠪᠠᠶᠢᠭᠤᠯᠵᠤ᠂ ︽ᠤᠰᠤᠨ ᠤ ᠥᠮᠴᠢᠯᠡᠬᠦ ᠬᠡᠷᠡᠭᠯᠡᠬᠦ ᠡᠷᠬᠡ ᠶᠢᠨ ᠵᠢᠭᠡᠯᠡᠯᠭᠡ︾ ︽ᠤᠰᠤ ᠠᠷᠪᠢᠯᠠᠬᠤ ᠵᠢᠭᠡᠯᠡᠯᠭᠡ︾ ᠶᠢᠨ ᠨᠣᠭᠤᠭᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠳᠬᠦᠨ ᠳᠤ ᠰᠢᠨ᠎ᠡ ᠶᠢ ᠡᠭᠦᠳᠪᠡ᠃ ᠭᠠᠳᠠᠭᠰᠢ ᠲᠠᠲᠠᠬᠤ ᠤᠰᠤᠨ ᠤ ᠭᠦᠢᠴᠡᠳᠬᠡᠯ ᠲᠤᠭ᠎ᠠ ᠶᠢ ᠨᠡᠶᠢᠲᠡ 5545 ᠲᠦᠮᠡᠨ ᠺᠦᠪ ᠮᠧᠲᠷ ᠬᠤᠳᠠᠯᠳᠤᠨ ᠠᠪᠴᠤ᠂ 120 ᠠᠵᠤ ᠠᠬᠤᠶᠢᠯᠠᠯ ᠤᠨ ᠤᠰᠤ ᠬᠡᠷᠡᠭᠯᠡᠬᠦ ᠳᠤ ᠬᠦᠴᠢᠷᠲᠡᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠠᠵᠤ ᠠᠬᠤᠶᠢᠯᠠᠯ ᠤᠳ ᠤᠨ ᠬᠤᠭᠤᠷᠣᠨᠳᠣᠬᠢ ᠤᠰᠤᠨ ᠤ ᠥᠮᠴᠢᠯᠡᠬᠦ ᠬᠡᠷᠡᠭᠯᠡᠬᠦ ᠡᠷᠬᠡ ᠶᠢᠨ ᠠᠷᠠᠯᠵᠢᠶ᠎ᠠ ᠶᠢ 70 ᠬᠤᠪᠢ᠂ 3374 ᠲᠦᠮᠡᠨ ᠺᠦᠪ ᠮᠧᠲᠷ ᠥᠷᠨᠢᠭᠦᠯᠵᠦ᠂ ᠤᠰᠤᠨ ᠤ ᠥᠮᠴᠢᠯᠡᠬᠦ ᠬᠡᠷᠡᠭᠯᠡᠬᠦ ᠡᠷᠬᠡ ᠶᠢᠨ ᠵᠢᠭᠡᠯᠡᠯᠭᠡ ᠶᠢ 3 ᠬᠤᠪᠢ᠂ 3000 ᠲᠦᠮᠡᠨ ᠲᠥᠭᠦᠷᠢᠭ ᠲᠠᠯᠪᠢᠪᠠ᠃ ︵ᠦᠬᠠᠢ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠦᠬᠠᠢ ᠬᠤᠲᠠ ᠶᠢᠨ ᠵᠠᠰᠠᠭ ᠤᠨ ᠣᠷᠳᠣᠨ
|