ᠤᠷᠢᠬᠠᠨ ᠬᠠᠪᠤᠷ ᠰᠠᠭᠠᠲᠠᠬᠤ ᠪᠠᠷ ᠤᠮᠠᠷᠠᠲᠤ ᠬᠢᠯᠢ ᠳᠤ ᠡᠯᠡᠰᠦ ᠶᠢ ᠵᠠᠰᠠᠵᠤ ᠶᠠᠭᠠᠷᠠᠨ᠎ᠠ᠃ 3 ᠰᠠᠷ᠎ᠠ ᠶᠢᠨ 17 ᠠᠴᠠ 19 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠠᠯᠠᠱᠠ ᠵᠡᠭᠦᠨ ᠬᠤᠰᠢᠭᠤ ᠪᠣᠯᠣᠨ ᠠᠯᠠᠱᠠ ᠪᠠᠷᠠᠭᠤᠨ ᠬᠤᠰᠢᠭᠤᠨ ᠳᠤ ᠬᠦᠷᠴᠦ᠂ ᠤᠯᠠᠭᠠᠨᠪᠤᠬ᠎ᠠ ᠶᠢᠨ ᠡᠯᠡᠰᠦ᠂ ᠪᠠᠳᠠᠢ ᠶᠢᠨ ᠵᠢᠷᠠᠨ ᠤ ᠡᠯᠡᠰᠦ ᠪᠣᠯᠣᠨ ᠲᠡᠭᠷᠢ ᠡᠯᠡᠰᠦᠨ ᠳᠤ ᠭᠦᠨᠵᠡᠭᠡᠶᠢᠷᠡᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠡ᠃




ᠭᠤᠷᠪᠠᠨ ᠶᠡᠭᠡ ᠡᠯᠡᠰᠦᠨ ᠴᠥᠯ ᠤᠨ ᠵᠠᠬ᠎ᠠ ᠶᠢ ᠨᠢ ᠬᠤᠮᠢᠵᠤ ᠵᠠᠰᠠᠭᠰᠠᠨ ᠣᠶ ᠰᠢᠭᠤᠢ ᠡᠪᠡᠰᠦᠨ ᠤ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠶ ᠳᠤ ᠬᠦᠷᠬᠦ ᠳᠤ ᠮᠥᠷ ᠮᠥᠷ ᠢᠶᠠᠷ ᠵᠢᠭᠳᠡᠷᠡᠭᠰᠡᠨ ᠳᠥᠷᠪᠡᠯᠵᠢᠯᠡᠨ ᠳᠠᠷᠢᠭᠰᠠᠨ ᠡᠪᠡᠰᠦᠨ ᠬᠠᠰᠢᠯᠭ᠎ᠠ ᠨᠢᠳᠦᠨ ᠳᠤ ᠲᠣᠳᠣᠷᠠᠵᠤ᠂ ᠡᠯᠡᠰᠦᠷᠬᠡᠭᠵᠢᠯ ᠢ ᠵᠠᠰᠠᠬᠤ ᠠᠵᠢᠯᠴᠢᠨ ᠪᠣᠯᠣᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠯ᠎ᠡ ᠲᠥᠷᠥᠯ ᠤᠨ ᠮᠠᠰᠢᠨ ᠲᠥᠬᠦᠭᠡᠷᠦᠮᠵᠢ ᠶᠠᠭᠠᠷᠠᠯᠲᠠᠢ ᠠᠵᠢᠯᠯᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠪᠠᠶᠢᠭᠤᠯᠭ᠎ᠠ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠥᠪᠡᠷ ᠥᠪᠡᠷ ᠤᠨ ᠠᠯᠪᠠᠨ ᠵᠢᠷᠤᠮ ᠤᠨ ᠡᠯᠡᠰᠦᠷᠬᠡᠭᠵᠢᠯ ᠢ ᠵᠠᠰᠠᠬᠤ ᠬᠠᠷᠢᠭᠤᠴᠠᠯᠭ᠎ᠠ ᠶᠢᠨ ᠣᠷᠣᠨ ᠳᠤ ᠭᠦᠷ ᠬᠥᠭᠵᠢᠶᠡᠨᠲᠡᠢ ᠠᠵᠢᠯᠯᠠᠵᠤ ᠪᠠᠶᠢᠯ᠎ᠠ᠃ ᠰᠦᠨ ᠱᠤᠤ ᠴᠧᠩ ᠡᠯᠡᠰᠦᠨ ᠤ ᠬᠠᠯᠬᠠᠪᠴᠢ ᠳᠡᠪᠢᠰᠦᠭᠰᠡᠨ ᠪᠠᠶᠢᠳᠠᠯ ᠪᠣᠯᠣᠨ ᠡᠮᠦᠨ᠎ᠡ ᠨᠢ ᠳᠠᠷᠢᠭᠰᠠᠨ ᠤᠷᠭᠤᠮᠠᠯ ᠤᠨ ᠬᠤᠴᠢᠯᠭ᠎ᠠ ᠶᠢᠨ ᠤᠷᠭᠤᠴᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠶᠢᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠭᠦᠬᠡᠢ ᠮᠠᠲ᠋ᠧᠷᠢᠶᠠᠯ ᠤᠨ ᠢᠷᠡᠯᠲᠡ᠂ ᠡᠯᠡᠰᠦ ᠶᠢ ᠵᠠᠰᠠᠬᠤ ᠥᠪᠡᠷ ᠤᠨ ᠦᠷᠳᠡᠭ᠂ ᠬᠥᠯᠥᠰᠦᠨ ᠠᠵᠢᠯ ᠤᠨ ᠣᠷᠣᠯᠭ᠎ᠠ ᠪᠣᠯᠣᠨ ᠵᠠᠰᠠᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠪᠥᠭᠡᠳ ᠤᠯᠠᠨ ᠲᠠᠢ ᠬᠠᠮᠲᠤ ᠬᠦᠷᠵᠡ ᠠᠳᠬᠤᠨ ᠨᠦᠬᠡ ᠤᠬᠤᠵᠤ ᠵᠠᠭ ᠮᠣᠳᠣ ᠶᠢᠨ ᠴᠢᠬᠢ ᠵᠠᠶᠢᠯᠠᠪᠠ᠃ ᠲᠡᠷᠡ᠂ ᠬᠦᠴᠦᠨ ᠢᠶᠠᠨ ᠲᠥᠪᠯᠡᠷᠡᠭᠦᠯᠦᠨ ᠪᠠᠳᠠᠢ ᠶᠢᠨ ᠵᠢᠷᠠᠨ᠂ ᠲᠡᠭᠷᠢ᠂ ᠤᠯᠠᠭᠠᠨᠪᠤᠬ᠎ᠠ ᠶᠢᠨ ᠡᠯᠡᠰᠦᠨ ᠴᠦᠯ ᠤᠨ ᠬᠥᠪᠡᠭᠡᠨ ᠳᠠᠬᠢ ᠰᠠᠯᠬᠢ ᠶᠢ ᠰᠡᠷᠭᠡᠶᠢᠯᠡᠵᠦ ᠡᠯᠡᠰᠦ ᠶᠢ ᠬᠤᠷᠢᠭᠯᠠᠬᠤ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠤᠲᠠᠭᠤᠳᠠᠯ ᠢ ᠳᠠᠷᠤᠢ ᠲᠦᠷᠭᠡᠨ ᠨᠥᠬᠦᠪᠦᠷᠢᠯᠡᠵᠦ᠂ ᠭᠤᠷᠪᠠᠨ ᠶᠡᠭᠡ ᠡᠯᠡᠰᠦᠨ ᠴᠦᠯ ᠢ ᠦᠨᠡᠨ ᠬᠦ ᠪᠠᠲᠤ ᠪᠦᠰᠡᠯᠡᠨ ᠬᠤᠷᠢᠭᠯᠠᠬᠤ ᠬᠡᠷᠡᠭᠲᠡᠢ᠃ ᠥᠪᠥᠷ ᠮᠣᠩᠭᠤᠯ ᠤᠨ 100 ᠲᠦᠮᠡᠨ ᠺᠢᠯᠣᠸᠠᠲ ᠤᠨ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠲᠤᠬᠠᠢ ᠶᠢᠨ ᠲᠠᠯᠠᠪᠠᠶ ᠪᠠ ᠳᠤᠮᠳᠠᠳᠤ ᠤᠯᠤᠰ ᠤᠨ ᠬᠤᠸᠠ ᠳ᠋ᠢᠶᠠᠨ ᠡᠯᠡᠰᠦ ᠭᠤᠪᠢ ᠴᠦᠯ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠲᠣᠮᠣ ᠰᠠᠭᠤᠷᠢᠨ ᠤ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ ᠰᠦᠨ ᠱᠤᠤ ᠴᠧᠩ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠥᠷᠥᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠵᠡᠷᠭᠡ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠢ ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠡᠨᠧᠷᠭᠢ ᠨᠥᠭᠡᠴᠡᠯᠡᠬᠦ ︽ᠪᠣᠭᠤᠮᠢ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠵᠣᠷᠢᠭᠵᠢᠭᠤᠯᠪᠠ᠃ ᠰᠦᠨ ᠱᠤᠤ ᠴᠧᠩ ᠪᠠᠰᠠ ᠠᠯᠠᠱᠠ ᠶᠢᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠦᠵᠡᠭᠦᠯᠭᠡ ᠶᠢᠨ ᠣᠷᠳᠣᠨ ᠳᠤ ᠬᠦᠷᠴᠦ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠬᠢᠨ ᠢ ᠨᠢᠭᠲᠠᠷᠠᠨ ᠪᠦᠯᠬᠦᠮᠳᠡᠵᠦ ᠳᠠᠪᠠᠭᠤᠯᠢᠭ ᠣᠨᠴᠠᠯᠢᠭᠲᠤ ᠡᠯᠡᠰᠦᠨ ᠤ ᠠᠵᠤ ᠦᠢᠯᠡᠰ ᠤᠨ ᠲᠦᠷᠦᠯ ᠲᠡᠮᠳᠡᠭ ᠢ ᠡᠭᠦᠳᠴᠦ᠂ ᠢᠳᠡᠪᠬᠢᠲᠡᠢ ᠪᠠᠷ ᠭᠠᠳᠠᠭᠰᠢ ᠭᠠᠷᠴᠤ ᠵᠠᠬ᠎ᠠ ᠳᠡᠯᠭᠡᠭᠦᠷ ᠢᠶᠠᠨ ᠥᠷᠭᠡᠳᠬᠡᠬᠦ ᠬᠡᠷᠡᠭᠲᠡᠢ ᠭᠡᠵᠦ ᠵᠠᠬᠢᠪᠠ᠃

19 ᠤ ᠦᠳᠡ ᠶᠢᠨ ᠬᠤᠶᠢᠨ᠎ᠠ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠳᠣᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱᠠ ᠠᠶᠢᠮᠠᠭ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠨ ᠲᠠᠢ ᠬᠠᠮᠲᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠢᠯᠠᠯᠲᠠ ᠶᠢ ᠬᠡᠷᠬᠢᠨ ᠨᠡᠩ ᠰᠠᠶᠢᠲᠤᠷ ᠲᠡᠮᠡᠴᠡᠨ ᠣᠯᠬᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠢᠴᠢ ᠬᠤᠯᠪᠣᠭᠳᠠᠯ ᠪᠦᠬᠦᠢ ᠠᠵᠢᠯ ᠢ ᠬᠡᠷᠬᠢᠨ ᠠᠬᠢᠭᠤᠯᠬᠤ ᠲᠤᠬᠠᠢ ᠰᠤᠳᠤᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠳᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠶᠢᠴᠢᠯᠠᠯᠲᠠ ᠶᠢᠨ ᠵᠠᠷᠯᠢᠭ ᠪᠠᠭᠤᠯᠭᠠᠪᠠ᠃ ᠡᠨᠡ ᠬᠤᠶᠠᠷ ᠵᠢᠯ ᠳᠤ ᠪᠦᠭᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ 2000 ᠲᠦᠮᠡᠨ ᠮᠦ ᠠᠴᠠ ᠳᠡᠭᠡᠭᠰᠢᠬᠢ ᠬᠠᠷᠠᠯᠲᠠ ᠶᠢ ᠲᠣᠭᠲᠠᠭᠠᠪᠠ᠂ ᠡᠨᠡ ᠪᠣᠯ ᠬᠠᠲᠠᠭᠤ ᠡᠭᠦᠷᠭᠡ ᠮᠥᠨ᠃ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠡᠷᠬᠡᠪᠰᠢ ᠴᠢᠩᠭ᠎ᠠ ᠠᠷᠭ᠎ᠠ ᠬᠡᠮᠵᠢᠶ᠎ᠡ ᠠᠪᠴᠤ᠂ ᠰᠢᠷᠭᠠᠭᠤ ᠴᠢᠷᠮᠠᠶᠢᠨ ᠪᠣᠳᠠᠲᠠᠢ ᠠᠵᠢᠯᠯᠠᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃

ᠰᠦᠨ ᠱᠤᠤ ᠴᠧᠩ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠴᠡᠷᠢᠭ ᠠᠩᠭᠢ ᠶᠢᠨ ᠪᠠᠶᠢᠯᠳᠤᠭᠠᠨ ᠬᠢᠬᠦ ᠲᠠᠢ ᠠᠳᠠᠯᠢ ᠪᠠᠷ ᠨᠢᠭᠡ ᠲᠠᠯ᠎ᠠ ᠪᠠᠷ ᠰᠢᠨ᠎ᠡ ᠵᠢᠭᠰᠠᠭᠠᠯ ᠤᠨ ᠭᠠᠵᠠᠷ ᠢ ᠪᠦᠭᠦ ᠬᠦᠴᠦᠨ ᠢᠶᠠᠷ ᠢᠶᠠᠨ ᠲᠡᠮᠡᠴᠡᠨ ᠣᠯᠵᠤ᠂ ᠨᠦᠭᠦᠭᠡ ᠲᠠᠯ᠎ᠠ ᠪᠠᠷ ᠬᠠᠭᠤᠴᠢᠨ ᠵᠢᠭᠰᠠᠭᠠᠯ ᠤᠨ ᠭᠠᠵᠠᠷ ᠢᠶᠠᠨ ᠪᠠᠲᠤ ᠰᠠᠬᠢᠵᠤ᠂ ︽ᠵᠠᠰᠠᠬᠤ︾ ᠪᠠ ︽ᠬᠠᠮᠠᠭᠠᠯᠠᠬᠤ︾ ᠠᠵᠢᠯ ᠢ ᠰᠠᠶᠢᠲᠤᠷ ᠬᠢᠬᠦ ᠬᠡᠷᠡᠭᠲᠡᠢ᠃ ︽ᠵᠠᠰᠠᠬᠤ︾ ᠭᠡᠳᠡᠭ ᠨᠢ ᠳᠠᠷᠤᠢ ᠠᠷᠪᠢᠨ ᠲᠦᠷᠭᠡᠨ ᠴᠢᠨᠠᠷᠲᠠᠢ ᠭᠠᠮᠲᠠᠢ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠠᠬᠢᠭᠤᠯᠬᠤ ᠶᠠᠪᠤᠳᠠᠯ ᠪᠣᠯᠣᠨ᠎ᠠ᠃ ᠱᠠᠯᠠᠪᠳᠠᠨ ᠬᠥᠳᠡᠯᠵᠦ᠂ ᠭᠠᠵᠠᠷ ᠭᠡᠰᠪᠡᠯ ᠳᠠᠷᠤᠢ ᠠᠵᠢᠯ ᠢᠶᠠᠨ ᠡᠬᠢᠯᠡᠭᠦᠯᠵᠦ᠂ ᠡᠮᠦᠨ᠎ᠡ ᠠᠴᠠ ᠬᠤᠶᠢᠰᠢ᠂ ᠪᠠᠷᠠᠭᠤᠨ ᠠᠴᠠ ᠵᠡᠭᠦᠨᠰᠢ ᠳᠠᠶᠢᠯᠠᠯᠳᠤᠭᠠᠨ ᠢ ᠳᠠᠷᠤᠢ ᠲᠦᠷᠭᠡᠨ ᠪᠦᠭᠦ ᠲᠠᠯ᠎ᠠ ᠪᠠᠷ ᠬᠢᠬᠦ ᠬᠡᠷᠡᠭᠲᠡᠢ᠃ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠠᠵᠢᠯ ᠤᠨ ᠬᠤᠭᠤᠴᠠᠭ᠎ᠠ ᠶᠢ ᠵᠣᠬᠢᠰᠲᠠᠢ ᠲᠣᠬᠢᠷᠠᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠮᠠᠰᠢᠨ ᠮᠧᠬᠠᠨᠢᠭ ᠤᠨ ᠬᠦᠴᠦᠨ ᠳᠤ ᠲᠦᠰᠢᠭᠯᠡᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠦᠷ᠎ᠡ ᠠᠰᠢᠭ ᠢ ᠡᠷᠬᠢᠮᠯᠡᠵᠦ᠂ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠬᠤ ᠶᠢ ᠪᠠᠷᠢᠮᠲᠠᠯᠠᠵᠤ᠂ ᠬᠢᠵᠠᠭᠠᠷ ᠲᠠᠢ ᠪᠡᠯᠡ ᠮᠥᠩᠭᠦ ᠶᠢ ᠨᠠᠷᠢᠯᠢᠭ ᠭᠠᠮᠲᠠᠢ ᠬᠡᠷᠡᠭᠯᠡᠵᠦ ᠨᠠᠩ ᠣᠯᠠᠨ ᠡᠯᠡᠰᠦ ᠶᠢ ᠵᠠᠰᠠᠬᠤ ᠬᠡᠷᠡᠭᠲᠡᠢ᠃ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠠᠪᠤᠳᠠᠯ ᠢ ᠶᠡᠭᠡ ᠪᠠᠷ ᠳᠡᠯᠭᠡᠷᠡᠭᠦᠯᠵᠦ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠬᠤ ᠵᠠᠭᠪᠤᠷ ᠢ ᠰᠢᠯᠢᠳᠡᠭᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠬᠡᠰᠡᠭ ᠭᠠᠵᠠᠷ ᠤᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠦᠷᠢᠯᠳᠦᠭᠦᠯᠵᠦ᠂ ᠴᠢᠬᠢ ᠮᠣᠳᠣᠨ ᠤ ᠡᠳᠡᠭᠡᠷᠡᠯᠲᠡ ᠶᠢᠨ ᠨᠤᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠨᠢᠭᠡ ᠬᠡᠰᠡᠭ ᠢ ᠵᠠᠰᠠᠪᠠᠯ ᠨᠢᠭᠡ ᠬᠡᠰᠡᠭ ᠢ ᠪᠠᠬᠢᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠬᠠᠮᠠᠭᠠᠯᠠᠬᠤ︾ ᠭᠡᠳᠡᠭ ᠨᠢ ᠦᠨᠡᠨ ᠬᠦ ᠡᠷᠡᠰ ᠬᠠᠲᠠᠭᠤ ᠪᠠᠷ ᠣᠢ ᠰᠢᠭᠤᠢ ᠡᠪᠡᠰᠦ ᠪᠡᠯᠴᠢᠭᠡᠷ ᠢ ᠡᠪᠳᠡᠬᠦ ᠶᠢ ᠬᠤᠷᠢᠭᠯᠠᠬᠤ ᠶᠠᠪᠤᠳᠠᠯ ᠪᠣᠯᠣᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠂ ᠭᠠᠴᠠᠭ᠎ᠠ ᠲᠣᠰᠬᠤᠨ ᠤ ︽ᠨᠠᠮ ᠤᠨ ᠡᠭᠦᠷ ᠠᠷᠠᠳ ᠤᠨ ᠵᠥᠪᠯᠡᠯ︾ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠡᠪᠳᠡᠯᠡᠭᠡ ᠬᠢᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠬᠦ ᠪᠠ ᠰᠦᠷᠳᠡᠭᠦᠯᠬᠦ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠨᠢ ᠵᠢᠭᠰᠢᠯᠲᠡᠢ ᠭᠡᠬᠦ ᠨᠡᠶᠢᠭᠡᠮ ᠤᠨ ᠠᠭᠤᠷ ᠠᠮᠢᠰᠬᠤᠯ ᠢ ᠶᠡᠭᠡ ᠪᠠᠷ ᠪᠤᠢ ᠪᠤᠯᠭᠠᠬᠤ ᠬᠡᠷᠡᠭᠲᠡᠢ᠃ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠢᠯᠪᠠᠷ ᠪᠤᠰᠤ ᠪᠠᠷ ᠣᠯᠣᠭᠰᠠᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠬᠡᠵᠦ᠂ ᠬᠤᠭᠤᠴᠠᠭ᠎ᠠ ᠶᠣᠰᠣᠭᠠᠷ ᠬᠠᠭᠤᠳᠠᠰᠤ ᠲᠤᠰᠢᠶᠠᠵᠤ ᠳᠠᠩᠰᠠ ᠮᠡᠳᠡᠭᠦᠯᠬᠦ ᠬᠡᠷᠡᠭᠲᠡᠢ ᠭᠡᠵᠦ ᠬᠡᠯᠡᠪᠡ᠃
ᠬᠠᠮᠤᠭ ᠤᠨ ᠡᠴᠦᠰ ᠲᠤ ᠰᠦᠨ ᠱᠤᠤ ᠴᠧᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠬᠠᠷᠠᠯᠲᠠ ᠴᠢᠭᠯᠡᠯ ᠢ ᠰᠠᠶᠢᠲᠤᠷ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠰᠠᠶᠢᠲᠤᠷ ᠬᠢᠵᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠲᠤᠶᠢᠯᠪᠤᠷᠢᠲᠠᠢ ᠠᠳᠬᠤᠵᠤ᠂ ᠰᠤᠷᠤᠯᠴᠠᠯᠭ᠎ᠠ ᠬᠥᠮᠦᠵᠢᠯ ᠢ ᠬᠦᠴᠦᠲᠡᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃
ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃