ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠠᠶᠢᠮᠠᠭ ᠬᠤᠲᠠ ᠯᠤᠭ᠎ᠠ ᠬᠠᠷᠢᠯᠴᠠᠬᠤ ᠠᠵᠢᠯ ᠤᠨ ᠲᠣᠭᠲᠠᠴᠠ ᠶᠣᠰᠣᠭᠠᠷ᠂ 3 ᠳ᠋ᠤᠭᠠᠷ ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠸᠠᠩ ᠯᠢ ᠰᠢᠶᠠ ᠣᠷᠳᠣᠰ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ᠂ ᠨᠢᠭᠡᠳᠦᠭᠡᠷ ᠤᠯᠠᠷᠢᠯ ᠳᠤ ︽ᠡᠬᠢᠯᠡᠯᠲᠡ ᠰᠠᠶᠢᠨ︾ ᠪᠠᠶᠢᠯᠭᠠᠬᠤ ᠶᠢ ᠰᠢᠮᠳᠠᠭᠤᠯᠤᠨ ᠵᠢᠯᠣᠭᠤᠳᠪᠠ᠃

3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠲᠠ ᠶᠢᠨ ᠬᠠᠩᠭᠢᠨ ᠬᠤᠰᠢᠭᠤᠨ ᠳᠤ ᠱᠦᠸᠧ ᠹᠠᠩ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠪᠡ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ

3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠳᠠ ᠶᠢᠨ ᠬᠠᠩᠭᠢᠨ ᠬᠤᠰᠢᠭᠤᠨ ᠤ ᠠᠯᠲᠠᠨ ᠳᠡᠪᠡᠰᠢ ᠭᠠᠴᠠᠭᠠᠨ ᠳᠤ ᠬᠦᠷᠴᠦ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠤᠨ ᠲᠥᠯᠥᠭᠡᠯᠡᠭᠴᠢᠳ ᠲᠠᠢ ᠶᠠᠷᠢᠯᠴᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠬᠡᠷᠡᠭᠯᠡᠭᠰᠡᠨ ᠪᠠᠶᠢᠳᠠᠯ ᠢ ᠣᠶᠢᠯᠠᠭᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ

3 ᠳ᠋ᠤᠭᠠᠷ ᠰᠠᠷ᠎ᠠ ᠶᠢᠨ 18 ᠤ ᠡᠳᠦᠷ᠂ ᠸᠠᠩ ᠯᠢ ᠰᠢᠶᠠ ᠳ᠋ᠦᠩ ᠱᠧᠩ ᠲᠣᠭᠤᠷᠢᠭ ᠤᠨ ᠬᠤᠲᠠ ᠶᠢᠨ ᠲᠡᠭᠦᠷᠭᠡ ᠳᠠᠬᠢ ᠪᠠᠷᠢᠯᠭ᠎ᠠ ᠶᠢᠨ ᠬᠤᠭ ᠨᠣᠪᠰᠢ ᠲᠦᠷ ᠣᠪᠣᠭᠠᠯᠠᠬᠤ ᠭᠠᠵᠠᠷ ᠲᠤ ᠬᠦᠷᠴᠦ ᠨᠢᠭᠤᠴᠠ ᠪᠠᠷ ᠰᠤᠷᠪᠤᠯᠵᠢᠯᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠣᠳᠠᠲᠠᠢ ᠪᠥᠭᠡᠳ ᠲᠤᠶᠢᠯᠪᠤᠷᠢᠲᠠᠢ ᠥᠭᠡᠷᠡᠴᠢᠯᠡᠬᠦ ᠬᠡᠷᠡᠭᠲᠡᠢ ᠭᠡᠵᠦ ᠱᠠᠭᠠᠷᠳᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
ᠠᠵᠤ ᠦᠢᠯᠡᠰ ᠤᠨ ᠬᠥᠭᠵᠢᠯᠲᠡ ᠪᠣᠯ ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠭᠤᠣᠯᠳᠠᠯᠭ᠎ᠠ ᠪᠣᠯᠣᠨ᠎ᠠ᠂ ᠸᠠᠩ ᠯᠢ ᠰᠢᠶᠠ ᠱᠦᠸᠧ ᠹᠠᠩ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠭᠡᠳ ᠴᠢᠬᠤᠯᠠᠴᠢᠯᠠᠬᠤ ᠳᠤ ᠪᠠᠨ᠂ ᠬᠤᠰᠢᠭᠤ ᠰᠢᠶᠠᠨ ᠲᠣᠭᠤᠷᠢᠭ ᠢ ᠨᠢᠭᠡᠳᠦᠯᠲᠡᠢ ᠲᠥᠯᠥᠪᠯᠡᠨ ᠵᠢᠭᠠᠨ ᠵᠢᠯᠤᠭᠤᠳᠴᠤ᠂ ᠡᠨᠧᠷᠭᠢ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂ ᠢᠵᠢ ᠲᠥᠬᠦᠷ ᠰᠠᠭᠤᠷᠢ ᠪᠡᠯᠡᠳᠬᠡᠮᠵᠢ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ᠂ ᠠᠵᠤ ᠦᠢᠯᠡᠰ ᠢ ᠬᠡᠰᠡᠭ ᠪᠤᠰᠠᠭ ᠢᠶᠠᠷ ᠠᠳᠬᠤᠵᠤ ᠪᠣᠯᠬᠤ ᠦᠭᠡᠢ᠃ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ᠂ ᠲᠣᠨᠤᠭ ᠲᠥᠬᠦᠭᠡᠷᠦᠮᠵᠢ ᠦᠢᠯᠡᠳᠬᠦ᠂ ᠨᠣᠭᠤᠭᠠᠨ ᠴᠠᠬᠢᠯᠭᠠᠨ ᠢ ᠨᠣᠭᠤᠭᠠᠨ ᠡᠨᠧᠷᠭᠢ ᠪᠣᠯᠭᠠᠨ ᠬᠤᠪᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠡᠢ᠃ ᠸᠠᠩ ᠯᠢ ᠰᠢᠶᠠ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠪᠠᠶᠢᠳᠠᠯ ᠢ ᠲᠤᠶᠢᠯ ᠢᠶᠠᠷ ᠬᠠᠯᠠᠮᠵᠢᠯᠠᠵᠤ᠂ ᠠᠯᠲᠠᠨ ᠳᠡᠪᠡᠰᠢ ᠭᠠᠴᠠᠭᠠᠨ ᠳᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠤᠨ ᠲᠥᠯᠥᠭᠡᠯᠡᠭᠴᠢ ᠲᠠᠢ ᠴᠤᠭ ᠰᠠᠭᠤᠵᠤ ᠶᠠᠷᠢᠯᠴᠠᠨ᠂ ᠣᠷᠣᠯᠭ᠎ᠠ ᠶᠢᠨ ᠲᠠᠩᠰᠠ ᠶᠢ ᠨᠢ ᠨᠢᠭᠡᠳ ᠨᠢᠭᠡ ᠪᠠᠷ ᠪᠤᠳᠤᠵᠤ ᠥᠭᠪᠡ᠂ ᠲᠡᠭᠡᠭᠡᠳ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠴᠠ ᠡᠬᠢᠯᠡᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠲᠥᠯᠥᠪᠯᠡᠵᠦ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠢᠨᠠᠨ ᠠᠵᠢᠭᠯᠠᠬᠤ ᠬᠡᠪᠴᠢᠶᠡᠨ ᠳᠠᠬᠢ ᠡᠷᠦᠬᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠬᠦ ᠤᠯᠤᠰ ᠪᠠ ᠪᠦᠬᠦ ᠣᠷᠣᠨ ᠤ ᠳᠤᠮᠳᠠᠴᠢ ᠲᠦᠪᠰᠢᠨ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠯ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠂ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠠᠷ ᠬᠠᠩᠭᠢᠨ ᠬᠤᠰᠢᠭᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠳ᠋ᠦᠩᠱᠧᠩ ᠲᠣᠭᠤᠷᠢᠭ ᠤᠨ ᠬᠤᠳᠠ ᠶᠢᠨ ᠲᠡᠭᠦᠷᠭᠡ ᠳᠠᠬᠢ ᠪᠠᠷᠢᠯᠭ᠎ᠠ ᠶᠢᠨ ᠬᠤᠭ ᠨᠣᠪᠰᠢ ᠲᠦᠷ ᠣᠪᠣᠭᠠᠯᠠᠬᠤ ᠭᠠᠵᠠᠷ ᠲᠤ ᠬᠦᠷᠴᠦ ᠨᠢᠭᠤᠴᠠ ᠪᠠᠷ ᠰᠤᠷᠪᠤᠯᠵᠢᠯᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠵᠤᠷᠪᠤᠰ ᠳᠠᠷᠠᠭᠠᠯᠠᠨ ᠡᠮᠬᠢᠯᠡᠵᠦ᠂ ᠦᠨᠡᠨᠴᠢ ᠰᠢᠳᠤᠷᠭᠤ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠨᠢᠭᠡᠨᠲᠡ ᠪᠡᠶᠡᠯᠡᠭᠦᠯᠦᠭᠰᠡᠨ ᠪᠠᠶᠢᠪᠠᠯ ᠬᠢᠨᠠᠮᠠᠭᠠᠢ ᠪᠠᠷ ︽ᠪᠤᠴᠠᠵᠤ ᠬᠠᠷᠠᠬᠤ︾ ᠠᠵᠢᠯ ᠥᠷᠨᠢᠭᠦᠯᠬᠦ ᠶᠢᠨ ᠬᠠᠮᠲᠤ ᠨᠢᠭᠡ ᠠᠴᠠ ᠨᠦᠬᠦᠭᠡ ᠶᠢ ᠵᠦᠢᠴᠢᠯᠡᠨ᠂ ᠪᠣᠳᠠᠲᠠᠢ ᠪᠥᠭᠡᠳ ᠲᠤᠶᠢᠯᠪᠤᠷᠢᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠸᠠᠩ ᠯᠢ ᠰᠢᠶᠠ ᠪᠠᠰᠠ ᠡᠵᠡᠨ ᠬᠤᠷᠤᠭ᠎ᠠ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ ᠳᠤ ᠲᠤᠰᠬᠠᠶᠢᠯᠠᠨ ᠣᠴᠢᠵᠤ᠂ ᠬᠡᠰᠡᠭ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠲᠥᠯᠥᠭᠡᠯᠡᠭᠴᠢ᠂ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠲᠠᠢ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠬᠡᠷᠬᠢᠨ ᠰᠠᠶᠢᠲᠤᠷ ᠬᠢᠬᠦ ᠶᠢ ᠰᠤᠳᠤᠯᠪᠠ᠃ ᠰᠣᠷᠣᠭᠴᠢᠳ ᠤᠨ ᠬᠢᠷᠢ ᠪᠦᠲᠦᠮᠵᠢ ᠶᠠᠮᠠᠷ ᠵᠡᠷᠭᠡ᠂ ᠪᠠᠭᠰᠢ ᠶᠢᠨ ᠲᠣᠬᠢᠷᠠᠭᠤᠯᠤᠯᠲᠠ ᠶᠠᠮᠠᠷ ᠵᠡᠷᠭᠡ ᠪᠠᠶᠢᠬᠤ ᠶᠢ ᠸᠠᠩ ᠯᠢ ᠰᠢᠶᠠ ᠮᠠᠰᠢ ᠨᠠᠷᠢᠨ ᠠᠰᠠᠭᠤᠵᠠᠢ᠃ ᠲᠡᠷᠡ᠂ ᠪᠦᠬᠦ ᠬᠦᠴᠦ ᠪᠠᠷ ᠢᠶᠠᠨ ᠰᠢᠯᠭᠠᠯᠲᠠ ᠳᠤ ᠪᠡᠯᠡᠳᠬᠡᠬᠦ ᠶᠢ ᠰᠠᠶᠢᠲᠤᠷ ᠠᠳᠬᠤᠵᠤ᠂ ᠬᠡᠦᠬᠡᠳ ᠨᠢᠭᠡᠪᠦᠷᠢ ᠶᠢ ᠰᠠᠶᠢᠨ ᠬᠢᠷᠢ ᠪᠦᠲᠦᠮᠵᠢ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ ᠬᠥᠮᠥᠨ ᠬᠥᠮᠥᠵᠢᠭᠦᠯᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠥᠷᠭᠡᠨ ᠤᠯᠠᠨ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤᠳᠬᠠᠵᠤ᠂ ᠬᠡᠦᠬᠡᠳ ᠢ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠲᠤᠯᠭᠠᠭᠤᠷᠢ ᠬᠦᠴᠦᠨ ᠪᠣᠯᠭᠠᠨ ᠬᠥᠮᠥᠵᠢᠭᠦᠯᠬᠦ ᠬᠡᠷᠡᠭᠲᠡᠢ ᠭᠡᠵᠦ ᠨᠠᠶᠢᠳᠠᠪᠠ᠃

3 ᠳ᠋ᠤᠭᠠᠷ ᠰᠠᠷ᠎ᠠ ᠶᠢᠨ 18 ᠤ ᠡᠳᠦᠷ᠂ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠣᠷᠳᠣᠰ ᠬᠤᠲᠠ ᠶᠢᠨ ᠨᠢᠭᠡᠳᠦᠭᠡᠷ ᠤᠯᠠᠷᠢᠯ ᠳᠠᠬᠢ ᠠᠵᠤ ᠠᠬᠤᠢ ᠶᠢᠨ ᠠᠵᠢᠯᠯᠠᠭᠠᠨ ᠵᠡᠷᠭᠡ ᠪᠠᠶᠢᠳᠠᠯ ᠳᠤ ᠲᠣᠬᠢᠷᠠᠭᠤᠯᠤᠯᠲᠠ ᠬᠢᠪᠡ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
18 ᠤ ᠡᠳᠦᠷ ᠤᠨ ᠦᠳᠡ ᠶᠢᠨ ᠬᠤᠶᠢᠨ᠎ᠠ᠂ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠣᠷᠳᠣᠰ ᠬᠤᠲᠠ ᠶᠢᠨ ᠨᠢᠭᠡᠳᠦᠭᠡᠷ ᠤᠯᠠᠷᠢᠯ ᠳᠠᠬᠢ ᠠᠵᠤ ᠠᠬᠤᠢ ᠶᠢᠨ ᠠᠵᠢᠯᠯᠠᠭᠠᠨ ᠵᠡᠷᠭᠡ ᠪᠠᠶᠢᠳᠠᠯ ᠳᠤ ᠲᠣᠬᠢᠷᠠᠭᠤᠯᠤᠯᠲᠠ ᠬᠢᠪᠡ᠃ ᠲᠡᠷᠡ᠂ ︽ᠡᠬᠢᠯᠡᠯᠲᠡ ᠰᠠᠶᠢᠨ ᠪᠠᠶᠢᠯᠭᠠᠬᠤ︾᠂ ︽ᠤᠯᠠᠷᠢᠯ ᠪᠣᠯᠭᠠᠨ ᠳᠤ ᠪᠠᠨ ᠰᠠᠶᠢᠨ ᠪᠠᠶᠢᠯᠭᠠᠬᠤ︾᠂ ︽ᠪᠥᠬᠦ ᠵᠢᠯ ᠳᠤ ᠪᠠᠨ ᠰᠠᠶᠢᠨ ᠪᠠᠶᠢᠯᠭᠠᠬᠤ︾ ᠬᠠᠷᠠᠯᠲᠠ ᠶᠢ ᠴᠢᠩᠭ᠎ᠠ ᠠᠳᠬᠤᠵᠤ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠲᠣᠪᠣᠶᠢᠮ᠎ᠠ ᠠᠰᠠᠭᠤᠳᠠᠯ ᠢ ᠬᠢᠨᠠᠮᠠᠭᠠᠢ ᠵᠠᠳᠠᠯᠵᠤ᠂ ᠬᠠᠨᠳᠤᠯᠭ᠎ᠠ ᠲᠠᠢ ᠪᠠᠷ ᠰᠢᠢᠳᠪᠦᠷᠢᠯᠡᠬᠦ ᠬᠡᠷᠡᠭᠲᠡᠢ ᠭᠡᠵᠡᠢ᠃ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭᠠᠨ︾ ᠢ ᠰᠠᠶᠢᠲᠤᠷ ᠥᠷᠨᠢᠭᠦᠯᠵᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠲᠣᠭᠤᠷᠢᠨ ᠳᠤ ᠠᠵᠤ ᠦᠢᠯᠡᠰ᠂ ᠠᠵᠤ ᠠᠬᠤᠶᠢᠯᠠᠯ᠂ ᠲᠦᠷᠦᠯ ᠵᠦᠢᠯ᠂ ᠬᠤᠳᠠᠯᠳᠤᠭᠠᠴᠢᠨ ᠤᠷᠢᠬᠤ᠂ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠯᠡᠵᠦ ᠰᠡᠳᠬᠢᠨ᠂ ᠠᠷᠭ᠎ᠠ ᠪᠦᠬᠦᠨ ᠢ ᠰᠦᠪᠡᠭᠴᠢᠯᠡᠨ ᠤᠯᠠᠮᠵᠢᠯᠠᠯᠲᠤ ᠡᠨᠧᠷᠭᠢ ᠶᠢ ᠲᠣᠭᠲᠠᠪᠤᠷᠢᠵᠢᠭᠤᠯᠵᠤ᠂ ᠰᠢᠨ᠎ᠡ ᠡᠨᠧᠷᠭᠢ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠡᠷᠡᠭᠯᠡᠵᠦ ᠪᠣᠯᠬᠤ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠰᠠᠶᠢᠲᠤᠷ ᠬᠡᠷᠡᠭᠯᠡᠬᠦ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠢᠨᠵᠧᠨᠧᠷᠢᠩ ᠤᠨ ᠶᠠᠰᠤ ᠴᠢᠨᠠᠷ ᠢ ᠪᠠᠲᠤᠯᠠᠵᠤ᠂ ᠨᠢᠭᠡ ᠬᠡᠰᠡᠭ ᠢ ᠪᠠᠶᠢᠭᠤᠯᠪᠠᠯ ᠲᠡᠷᠡ ᠬᠡᠰᠡᠭ ᠢᠶᠠᠨ ᠬᠥᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠯᠤᠭ᠎ᠠ ᠤᠶᠠᠯᠳᠤᠭᠤᠯᠤᠨ᠂ ᠵᠢᠭᠰᠠᠭᠠᠨ ᠪᠠᠶᠢᠴᠠᠭᠠᠬᠤ ᠶᠢᠨ ᠳᠠᠭᠠᠤ ᠳᠤ ᠲᠣᠭᠲᠠᠴᠠ ᠪᠠᠨ ᠲᠡᠭᠦᠯᠳᠡᠷᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠡᠦᠬᠡ ᠶᠢᠨ ᠳᠤᠷᠠᠰᠬᠠᠯᠲᠤ ᠵᠦᠢᠯᠡᠰ ᠢ ᠤᠷᠢᠳ ᠢᠶᠠᠷ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠰᠠᠶᠢᠲᠤᠷ ᠬᠠᠮᠠᠭᠠᠯᠠᠵᠤ ᠤᠯᠠᠮᠵᠢᠯᠠᠬᠤ ᠬᠡᠷᠡᠭᠲᠡᠢ ᠭᠡᠵᠡᠢ᠃ ᠲᠡᠷᠡ ᠣᠷᠳᠣᠰ ᠬᠤᠳᠠ ᠶᠢᠨ ᠥᠷᠭᠡᠨ ᠤᠯᠠᠨ ᠺᠠᠳ᠋ᠷᠴᠤᠳ ᠢ ᠢᠲᠡᠭᠡᠯ ᠵᠣᠷᠢᠭ ᠢᠶᠠᠨ ᠪᠠᠲᠤᠳᠬᠠᠨ᠂ ᠡᠷᠡᠯᠬᠡᠭᠯᠡᠨ ᠲᠡᠮᠡᠴᠡᠵᠦ᠂ ᠪᠦᠬᠦ ᠬᠦᠴᠦᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠲᠥᠷᠥᠭᠦᠯᠦᠭᠴᠢ ᠪᠠ ᠳᠠᠭᠠᠭᠤᠯᠤᠭᠴᠢ ᠪᠣᠯᠬᠤ ᠬᠡᠷᠡᠭᠲᠡᠢ ᠭᠡᠵᠦ ᠵᠣᠷᠢᠭᠵᠢᠭᠤᠯᠪᠠ᠃

3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠲᠠ ᠳᠤ ᠪᠠᠶᠢᠴᠠᠭᠠᠨ ᠰᠤᠳᠤᠯᠬᠤ ᠬᠤᠭᠤᠴᠠᠭᠠᠨ ᠳᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ

3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠳᠠ ᠶᠢᠨ ᠳ᠋ᠦᠩᠱᠧᠩ ᠲᠣᠭᠤᠷᠢᠭ ᠲᠤ ᠴᠢᠨ ᠤ ᠠᠰᠬᠠᠨ ᠵᠠᠮ ᠤᠨ ᠪᠠᠭᠤᠷᠢ ᠶᠢᠨ ᠬᠠᠮᠠᠭᠠᠯᠠᠯᠲᠠ ᠶᠢᠨ ᠪᠠᠶᠢᠳᠠᠯ ᠳᠤ ᠪᠠᠶᠢᠴᠠᠭᠠᠯᠲᠠ ᠬᠢᠪᠡ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠸᠠᠩ ᠯᠢ ᠰᠢᠶᠠ ᠪᠠᠰᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ᠂ ᠴᠢᠨ ᠤ ᠠᠰᠬᠠᠨ ᠵᠠᠮ ᠤᠨ ᠪᠠᠭᠤᠷᠢ ᠶᠢᠨ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠯᠲᠠ ᠬᠢᠪᠡ᠃