3 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠽᠧᠦ ᠯᠧᠢ ᠲᠠᠢ ᠠᠭᠤᠯᠵᠠᠪᠠ᠃


ᠰᠦᠨ ᠱᠤᠤ ᠴᠧᠩ ᠽᠧᠦ ᠯᠧᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠥᠪᠥᠷ ᠮᠣᠩᠭᠤᠯ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠰᠠᠶᠢᠨ ᠪᠠᠶᠢᠳᠠᠯ ᠢᠶᠠᠨ ᠪᠠᠲᠤᠯᠠᠵᠤ ᠪᠤᠢ᠂ ᠢᠯᠠᠩᠭᠤᠶ᠎ᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠥᠪᠥᠷ ᠮᠣᠩᠭᠤᠯ ᠬᠢᠭᠡᠳ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠠᠮᠲᠤᠷᠠᠯᠴᠠᠭ᠎ᠠ ᠰᠢᠨ᠎ᠡ ᠳᠡᠭᠲᠡᠷ ᠲᠤ ᠭᠠᠷᠴᠤ᠂ ᠬᠤᠶᠢᠰᠢᠳᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠢᠷᠡᠭᠡᠳᠦᠢ ᠲᠤᠶᠢᠯ ᠤᠨ ᠰᠠᠷᠠᠭᠤᠯ ᠠᠭᠤᠳᠠᠮ ᠪᠠᠶᠢᠨ᠎ᠠ᠃ ᠪᠢᠳᠡ ᠳᠤᠷᠠᠲᠠᠶ᠎ᠠ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠯᠦᠭᠡ ᠶᠢᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠨᠡᠭᠦᠷᠡᠰᠦ ᠪᠠᠷ ᠲᠣᠰᠣ ᠦᠢᠯᠡᠳᠬᠦ ᠵᠡᠷᠭᠡ ᠲᠦᠷᠦᠯ ᠵᠦᠢᠯ ᠢ ᠲᠦᠷᠭᠡᠳᠬᠡᠨ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ ᠨᠡᠩ ᠰᠠᠶᠢᠨ ᠦᠢᠯᠡᠴᠢᠯᠡᠨ᠎ᠡ᠃ ᠨᠥᠭᠡᠴᠡ ᠡᠨᠧᠷᠭᠢ ᠪᠣᠯ ᠰᠢᠨ᠎ᠡ ᠡᠨᠧᠷᠭᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠪᠣᠭᠤᠮᠢ︾ ᠠᠰᠠᠭᠤᠳᠠᠯ ᠪᠣᠯᠣᠨ᠎ᠠ᠂ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠨ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠳᠤ ᠠᠩᠬᠠᠷᠤᠯ ᠢᠶᠠᠨ ᠲᠥᠪᠯᠡᠷᠡᠭᠦᠯᠦᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠮᠡᠷᠭᠡᠵᠢᠯ ᠤᠨ ᠪᠣᠭᠤᠮᠲᠠ ᠰᠢᠪᠲᠤᠯᠤᠯᠲᠠ ᠪᠠᠨ ᠴᠢᠩᠭᠠᠳᠬᠠᠵᠤ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠳᠤ ᠭᠦᠨᠵᠡᠭᠡᠢ ᠣᠷᠤᠯᠴᠠᠬᠤ ᠶᠢ ᠬᠦᠰᠡᠵᠦ ᠪᠠᠶᠢᠨ᠎ᠠ᠃ ᠪᠢᠳᠠ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠢ ᠪᠠᠭᠲᠠᠭᠠᠭᠰᠠᠨ ᠥᠷᠭᠡᠨ ᠤᠯᠠᠨ ᠠᠵᠤ ᠠᠬᠤᠶᠢᠯᠠᠯ ᠳᠤ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠨ᠎ᠡ ᠭᠡᠵᠡᠢ᠃
ᠽᠧᠦ ᠯᠧᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠤᠯᠤᠰ ᠤᠨ ᠡᠨᠧᠷᠭᠢ ᠶᠢᠨ ᠪᠡᠯᠡ ᠤᠷᠤᠭᠤᠯᠤᠯᠳᠠ ᠶᠢᠨ ᠪᠦᠯᠦᠭᠯᠡᠯ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠯᠤᠰ ᠤᠨ ᠡᠨᠧᠷᠭᠢ ᠶᠢᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠨ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠪᠠ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠪᠠᠲᠤ ᠰᠠᠬᠢᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠪᠦᠭᠦ ᠬᠦᠴᠦᠨ ᠢᠶᠠᠷ ᠢᠶᠠᠨ ᠪᠠᠲᠤᠯᠠᠨ᠎ᠠ᠃ ᠲᠠᠷᠠᠭᠠᠴᠢ ᠶᠢᠨ ᠠᠯᠬᠤᠮ ᠳᠤ ᠤᠯᠤᠰ ᠤᠨ ᠡᠨᠧᠷᠭᠢ ᠶᠢᠨ ᠪᠡᠯᠡ ᠤᠷᠤᠭᠤᠯᠤᠯᠳᠠ ᠶᠢᠨ ᠪᠦᠯᠦᠭᠯᠡᠯ ᠰᠠᠨᠠᠭᠠᠴᠢᠯᠠᠭ᠎ᠠ ᠠᠴᠠ ᠪᠠᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠥᠯᠦᠪᠵᠢᠭᠦᠯᠭᠡ ᠲᠠᠢ ᠵᠣᠯᠭᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠂ ᠠᠵᠤ ᠦᠢᠯᠡᠰ ᠤᠨ ᠬᠠᠮᠵᠢᠯᠴᠠᠬᠤ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠬᠤᠶᠠᠷ ᠲᠠᠯ᠎ᠠ ᠶᠢᠨ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ᠂ ᠨᠡᠭᠦᠷᠡᠰᠦ ᠪᠠᠷ ᠲᠣᠰᠣ ᠦᠢᠯᠡᠳᠬᠦ ᠮᠡᠷᠭᠡᠵᠢᠯ ᠢ ᠲᠠᠰ ᠳᠡᠪᠰᠢᠭᠦᠯᠬᠦ᠂ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠳᠡᠮᠵᠢᠨ᠎ᠡ ᠭᠡᠪᠡ᠃
ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃