ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠯᠲᠠ ᠳᠤ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠪᠠ
ᠬᠤᠷᠠᠯ ᠢᠶᠠᠷ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠯᠲᠠ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠯ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠨᠢ ᠪᠠᠭᠤᠷᠠᠭᠤᠯᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠃
ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠡᠷᠭᠡᠶᠢᠯᠡᠬᠦ ᠪᠠ ᠵᠠᠰᠠᠬᠤ ᠶᠢ ᠵᠡᠷᠭᠡ ᠪᠠᠷ ᠠᠳᠬᠤᠬᠤ᠂ ᠦᠡᠭᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ᠂ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠣᠭᠠᠨ ᠤ ᠲᠤᠬᠠᠶᠢᠯᠠᠭᠰᠠᠨ ᠠᠵᠢᠯ ᠡᠵᠡᠩᠨᠡᠬᠦ ᠠᠵᠤ ᠠᠬᠤᠶᠢᠯᠠᠯ ᠵᠡᠷᠭᠡ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠭᠤᠣᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠬᠠᠮᠵᠢᠯᠴᠠᠭᠰᠠᠨ ᠥᠨᠳᠥᠷ ᠪᠦᠲᠦᠮᠵᠢᠲᠡᠢ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠠᠶᠢᠭᠤᠯᠤᠨ᠎ᠠ ᠃
ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠᠨ ᠤ ᠳᠦᠷᠢᠮ ᠢ ᠪᠦᠷᠢᠨᠰᠢᠭᠦᠯᠵᠦ᠂ ᠪᠣᠶ ᠪᠦᠬᠦᠢ ᠰᠦᠢᠳᠬᠡᠯ ᠬᠤᠷᠢᠶᠠᠬᠤ ᠲᠥᠷᠥᠯ ᠵᠦᠢᠯ ᠢ ᠴᠥᠮ ᠨᠠᠷᠢᠨ ᠳᠠᠩᠰᠠᠨ ᠳᠤ ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠪᠣᠯᠭᠠᠵᠤ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ᠂ ᠰᠦᠢᠳᠬᠡᠯ ᠬᠤᠷᠢᠶᠠᠬᠤ ᠲᠤᠭ᠎ᠠ ᠬᠡᠮᠵᠢᠶ᠎ᠡ ᠶᠢ ᠲᠣᠳᠣᠷᠬᠠᠶᠢᠯᠠᠨ᠎ᠠ ᠂ ᠨᠠᠷᠢᠨ ᠳᠠᠩᠰᠠᠨ ᠤ ᠳᠣᠲᠣᠷᠠᠬᠢ ᠠᠴᠠ ᠪᠤᠰᠤᠳ ᠶᠠᠮᠠᠷ ᠴᠤ ᠰᠦᠢᠳᠬᠡᠯ ᠬᠤᠷᠢᠶᠠᠵᠤ ᠪᠣᠯᠬᠤ ᠦᠭᠡᠢ᠂ ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢᠨ ᠦᠯᠡᠳᠡᠭᠡᠯ ᠲᠥᠷᠥ ᠶᠢᠨ ᠪᠣᠳᠣᠯᠭ᠎ᠠ ᠨᠤᠭᠤᠳ ᠢ ᠬᠠᠤᠯᠢ ᠲᠣᠭᠲᠠᠭᠠᠯ ᠶᠣᠰᠣᠭᠠᠷ ᠢᠯᠭᠠᠷᠠᠭᠤᠯᠤᠨ᠎ᠠ ᠃
ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠦᠭᠡᠢ᠂ ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠡᠷᠬᠡ ᠠᠴᠠ ᠪᠠᠨ ᠳᠠᠪᠠᠭᠤᠯᠵᠤ ᠳᠣᠭᠲᠠᠭᠠᠭᠰᠠᠨ ᠪᠠᠶᠢᠪᠠᠯ ᠴᠥᠮ ᠬᠦᠴᠦᠨ ᠦᠭᠡᠢ ᠪᠣᠯᠭᠠᠨ᠎ᠠ ︔ ᠲᠠᠲᠠᠪᠤᠷᠢᠯᠠᠵᠤ ᠬᠤᠷᠢᠶᠠᠬᠤ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠦᠭᠰᠡᠨ ᠂ ᠲᠠᠲᠠᠪᠤᠷᠢᠯᠠᠵᠤ ᠬᠤᠷᠢᠶᠠᠬᠤ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠭᠰᠡᠨ ᠦᠢᠯᠡ ᠠᠵᠢᠯᠯᠠᠭ᠎ᠠ ᠨᠤᠭᠤᠳ ᠢ ᠡᠷᠡᠰ ᠵᠠᠯᠠᠷᠠᠭᠤᠯᠤᠨ᠎ᠠ︔ ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠰᠢᠨ᠎ᠡ ᠪᠠᠷ ᠨᠡᠶᠢᠲᠡᠯᠡᠬᠦ ᠴᠢᠬᠤᠯᠠᠲᠠᠢ ᠪᠣᠯ ᠬᠠᠤᠯᠢ ᠶᠣᠰᠣᠴᠢ ᠴᠢᠨᠠᠷ᠂ ᠲᠥᠪ ᠭᠤᠥᠯᠴᠢ ᠴᠢᠨᠠᠷ ᠵᠢᠴᠢ ᠨᠡᠶᠢᠭᠡᠮ ᠳᠠᠬᠢ ᠨᠥᠯᠥᠭᠡ ᠶᠢᠨ ᠵᠢᠱᠢᠯᠲᠡ ᠵᠡᠷᠭᠡ ᠲᠠᠯ᠎ᠠ ᠠᠴᠠ ᠬᠢᠨᠠᠨ ᠬᠠᠷᠭᠤᠭᠤᠯᠤᠯᠲᠠ ᠪᠠᠨ ᠴᠢᠩᠭᠠᠳᠬᠠᠨ᠎ᠠ ᠃
ᠠᠵᠤ ᠠᠬᠤᠶᠢᠯᠠᠯ ᠯᠤᠭ᠎ᠠ ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢ ᠬᠢᠨᠠᠨ ᠰᠢᠨᠵᠢᠵᠦ ᠦᠨᠡᠯᠡᠨ ᠵᠢᠱᠢᠬᠦ ᠳᠦᠷᠢᠮ ᠢᠶᠠᠨ ᠪᠦᠷᠢᠨᠰᠢᠭᠦᠯᠦᠨ ᠂ ᠠᠰᠠᠭᠤᠳᠠᠯ ᠤᠳ ᠤᠨ ᠰᠦᠪᠡᠭᠴᠢ ᠨᠦᠭᠦᠳ ᠢ ᠴᠤᠭᠯᠠᠭᠤᠯᠬᠤ ᠪᠠ ᠰᠢᠢᠳᠪᠦᠷᠢᠯᠡᠬᠦ ᠲᠣᠭᠲᠠᠴᠠ ᠪᠠᠨ ᠰᠢᠯᠢᠳᠡᠭᠵᠢᠭᠦᠯᠵᠦ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠂ ᠬᠠᠮᠵᠢᠯᠴᠠᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠵᠢᠱᠢᠯᠲᠡ ᠶᠢ ᠨᠢ ᠴᠢᠨᠠᠭᠰᠢᠳᠠ ᠤᠯᠠᠮ ᠳᠣᠭᠲᠠᠪᠤᠷᠢᠵᠢᠭᠤᠯᠤᠨ ᠂ ᠬᠥᠭᠵᠢᠯᠲᠡ ᠶᠢᠨ ᠢᠲᠡᠭᠡᠯ ᠢ ᠨᠢ ᠨᠡᠮᠡᠭᠳᠡᠭᠦᠯᠦᠨ᠎ᠡ ᠃
︽ᠤᠷᠤᠭ ᠤᠨ ᠪᠦᠷᠢᠳᠬᠡᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ ᠪᠠᠲᠤᠯᠠᠪᠠ
ᠬᠤᠷᠠᠯ ᠢᠶᠠᠷ ︽ᠤᠷᠤᠭ ᠤᠨ ᠪᠦᠷᠢᠳᠬᠡᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃
ᠬᠤᠷᠠᠯ ᠢᠶᠠᠷ ᠵᠢᠭᠠᠵᠤ ᠭᠠᠷᠭᠠᠭᠰᠠᠨ ᠨᠢ ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠤ ᠢᠷᠭᠡᠨ ᠤ ᠬᠠᠤᠯᠢ ᠶᠢᠨ ᠪᠢᠴᠢᠭ ᠤᠨ ᠲᠣᠭᠲᠠᠭᠠᠯ ᠢ ᠨᠠᠶᠢᠳᠠᠪᠤᠷᠢᠵᠢᠭᠤᠯᠤᠨ ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠳ ᠲᠤ ᠢᠳᠡᠪᠬᠢᠲᠡᠢ ᠬᠠᠷᠢᠭᠤᠯᠲᠠ ᠥᠭᠴᠦ᠂ ᠣᠶᠢᠷ᠎ᠠ ᠶᠢᠨ ᠵᠢᠯ ᠤᠳ ᠤᠨ ᠣᠷᠤᠭ ᠤᠨ ᠪᠦᠷᠢᠳᠬᠡᠯ ᠤᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ ︾ ᠵᠡᠷᠭᠡ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠤᠳ ᠢ ᠬᠠᠤᠯᠢ ᠴᠠᠭᠠᠵᠠ ᠶᠢᠨ ᠳᠦᠷᠢᠮ ᠪᠣᠯᠭᠠᠵᠤ ᠂ ᠣᠷᠤᠭ ᠤᠨ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ᠂ ᠣᠷᠤᠭ ᠤᠨ ᠪᠦᠷᠢᠳᠬᠡᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ ᠃
︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ ︾ ᠱᠠᠭᠠᠷᠳᠠᠯᠭ᠎ᠠ ᠶᠣᠰᠣᠭᠠᠷ᠂ ᠪᠥᠬᠦ ᠤᠯᠤᠰ ᠤᠨ ᠣᠷᠤᠭ ᠤᠨ ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠴᠢᠩᠭᠠᠳᠬᠠᠨ᠂ ᠤᠷᠤᠭ ᠤᠨ ᠪᠦᠷᠢᠳᠬᠡᠯ ᠢ ︽ᠪᠥᠬᠦ ᠤᠯᠤᠰ ᠲᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠪᠠᠨ ᠲᠦᠷᠭᠡᠳᠬᠡᠨ ᠠᠬᠢᠭᠤᠯᠵᠤ᠂ ᠤᠷᠤᠭ ᠤᠨ ᠪᠦᠷᠢᠳᠬᠡᠯ ᠤᠨ ᠦᠢᠯᠡᠴᠢᠯᠡᠭᠡᠨ ᠢ ᠪᠠᠷᠢᠮᠵᠢᠶᠠᠵᠢᠭᠤᠯᠬᠤ ᠂ ᠵᠢᠷᠤᠮᠵᠢᠭᠤᠯᠬᠤ ᠂ ᠳᠦᠭᠦᠮᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃
ᠤᠷᠤᠭ ᠭᠡᠷ ᠪᠦᠯᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠢᠨᠠᠷᠲᠠᠢ ᠵᠢᠭᠠᠨ ᠵᠢᠯᠤᠭᠤᠳᠬᠤ ᠠᠵᠢᠯ ᠪᠠ ᠤᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠷᠤᠭ ᠬᠤᠷᠢᠮ ᠤᠨ ᠪᠣᠯᠪᠠᠰᠤᠨ ᠵᠠᠩ ᠦᠢᠯᠡ ᠶᠢ ᠰᠠᠨᠠᠭᠠᠴᠢᠯᠠᠨ᠂ ᠭᠡᠷ ᠪᠦᠯᠢ ᠶᠢᠨ ᠡᠶ᠎ᠡ ᠵᠣᠬᠢᠴᠠᠯ ᠢ ᠠᠬᠢᠭᠤᠯᠵᠤ᠂ ᠢᠳᠡᠪᠬᠢᠲᠡᠢ ᠥᠭᠡᠳᠡᠷᠬᠡᠭ ᠰᠢᠨ᠎ᠡ ᠮᠠᠶ᠋ᠢᠭ ᠤᠨ ᠤᠷᠤᠭ ᠬᠤᠷᠢᠮ ᠦᠷᠡᠵᠢᠯ ᠤᠨ ᠰᠣᠶᠣᠯ ᠢ ᠪᠤᠢ ᠪᠣᠯᠭᠠᠨ᠎ᠠ ᠃