︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠳᠤ᠂ ᠬᠥᠯᠥᠨ ᠪᠤᠶᠢᠷ ᠬᠤᠲᠠ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠠᠬᠢᠭᠤᠯᠬᠤ ᠶᠢᠨ ᠰᠠᠭᠤᠷᠢᠨ ᠳᠡᠭᠡᠷ᠎ᠡ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠵᠡᠷᠭᠡ ᠲᠠᠯ᠎ᠠ ᠪᠠᠷ ᠨᠡᠩ ᠰᠠᠶᠢᠨ ᠠᠮᠵᠢᠯᠲᠠ ᠣᠯᠬᠤ ᠪᠠᠷ ᠴᠢᠷᠮᠠᠶᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠤᠢ᠃
ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢᠨ ᠵᠢᠯᠣᠭᠤᠳᠤᠯᠭ᠎ᠠ ᠪᠠ ᠵᠣᠷᠢᠭᠵᠢᠭᠤᠯᠤᠯ ᠳᠣᠣᠷ᠎ᠠ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠳᠡᠭᠡᠷ᠎ᠡ ᠤᠷᠤᠭᠰᠢᠯᠠᠵᠤ ᠪᠠᠶᠢᠭ᠎ᠠ ᠬᠥᠯᠥᠨ ᠪᠤᠶᠢᠷ ᠳᠠᠬᠢᠨᠲᠠ ᠬᠤᠷᠳᠤ ᠨᠡᠮᠡᠨ ᠠᠵᠢᠯᠯᠠᠵᠤ ᠬᠦᠴᠦᠯᠡᠨ ᠴᠢᠷᠮᠠᠶᠢᠵᠤ ᠡᠬᠢᠯᠡᠯ᠎ᠡ᠃
ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠬᠠᠲᠠᠭᠤ ᠲᠤᠯᠭᠠᠭᠤᠷᠢᠯᠠᠯ︾ ᠮᠥᠨ᠃ 2025 ᠣᠨ ᠳᠤ᠂ ᠬᠥᠯᠥᠨ ᠪᠤᠶᠢᠷ ᠬᠤᠲᠠ ︽ᠲᠠᠪᠤᠨ ᠶᠡᠭᠡ ᠡᠭᠦᠷᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠠᠭᠤᠷᠢ ᠶᠢ ᠲᠠᠯᠪᠢᠬᠤ᠂ ᠠᠯᠤᠰ ᠭᠡᠲᠦ ᠳᠤ ᠠᠰᠢᠭᠲᠠᠢ᠂ ᠨᠥᠭᠡᠴᠡ ᠬᠦᠴᠦᠨ ᠢ ᠨᠡᠮᠡᠭᠳᠡᠭᠦᠯᠬᠦ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠬᠦ ᠪᠠᠷ ᠪᠤᠢ᠃ ᠪᠦᠭᠦ ᠬᠤᠲᠠ ᠳᠤ ᠬᠤᠲᠠ ᠶᠢᠨ ᠲᠡᠰ ᠤᠨ ᠭᠤᠣᠯᠳᠠᠯᠭ᠎ᠠ ᠲᠠᠢ ᠲᠥᠷᠦᠯ ᠵᠦᠢᠯ ᠢ 493 ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ 1694.5 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 614.7 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ ᠪᠤᠢ᠃
ᠡᠲᠡᠭᠡᠷ ᠭᠤᠣᠯᠳᠠᠯᠭ᠎ᠠ ᠲᠠᠢ ᠲᠥᠷᠥᠯ ᠵᠦᠢᠯ ᠨᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ᠂ ᠰᠣᠶᠣᠯ ᠵᠢᠭᠤᠯᠴᠢᠯᠠᠯ ᠪᠣᠯᠣᠨ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠤ ᠲᠥᠪᠯᠡᠷᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃
ᠵᠠᠯᠠᠨ ᠠᠶᠢᠯ ᠬᠤᠳᠠ ᠳᠤ᠂ ᠪᠠᠷᠠᠭᠠᠨ ᠤ ᠲᠡᠭᠡᠭᠡᠪᠦᠷᠢ ᠶᠢᠨ ᠭᠠᠯᠲᠤ ᠲᠡᠷᠭᠡ ᠨᠦᠭᠦᠳ ᠬᠥᠯᠥᠨ ᠪᠤᠶᠢᠷ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠪᠠᠷᠠᠭᠠᠨ ᠤ ᠲᠠᠯᠠᠪᠠᠢ ᠠᠴᠠ ᠮᠣᠷᠳᠠᠵᠤ᠂ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠴᠠᠷᠳᠠᠭᠤᠯ᠂ ᠠᠮᠤᠨ ᠰᠢᠪᠲᠦᠷᠲᠦ ᠬᠦᠴᠢᠯ᠂ ᠠᠮᠤᠨ ᠰᠢᠪᠲᠦᠷᠲᠦ ᠬᠦᠴᠢᠯ ᠤᠨ ᠨᠠᠲᠷᠢ᠂ ᠲᠠᠯᠠᠰᠲᠤ ᠦᠵᠦᠮ ᠤᠨ ᠰᠢᠬᠢᠷ᠂ ᠰᠦᠮᠢᠨ ᠬᠦᠴᠢᠯ ᠵᠡᠷᠭᠡ ᠦᠢᠯᠡᠳᠬᠦᠨ ᠢ ᠪᠦᠭᠦ ᠤᠯᠤᠰ ᠤᠨ ᠡᠯ᠎ᠡ ᠭᠠᠵᠠᠷ ᠪᠣᠯᠣᠨ 130 ᠭᠠᠷᠤᠢ ᠤᠯᠤᠰ ᠪᠣᠯᠣᠨ ᠭᠠᠵᠠᠷ ᠣᠷᠣᠨ ᠳᠤ ᠬᠦᠷᠭᠡᠨ᠎ᠡ᠃ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ᠂ ᠡᠨᠡᠬᠦ ᠪᠦᠭᠦ ᠪᠥᠮᠪᠥᠷᠴᠡᠭ ᠤᠨ ᠬᠠᠮᠤᠭ ᠤᠨ ᠲᠣᠮᠣ ᠠᠮᠤᠨ ᠰᠢᠪᠲᠦᠷᠲᠦ ᠬᠦᠴᠢᠯ ᠦᠢᠯᠡᠳᠪᠦᠷᠢᠯᠡᠬᠦ ᠪᠠ ᠰᠤᠳᠤᠯᠤᠨ ᠨᠡᠭᠡᠭᠡᠬᠦ ᠰᠠᠭᠤᠷᠢᠨ ᠨᠢ ᠡᠷᠳᠡᠨᠢ ᠰᠢᠰᠢ ᠶᠢ 50 ᠲᠦᠮᠡᠨ ᠲᠣᠨ ᠪᠤᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 21.9% ᠪᠠᠷ ᠨᠡᠮᠡᠭᠳᠡᠪᠡ᠃
ᠬᠥᠯᠥᠨ ᠪᠤᠶᠢᠷ ᠤᠨ ᠵᠡᠭᠦᠨ ᠬᠤᠶᠢᠲᠤ ᠶᠢᠨ ᠹᠦ᠋ ᠹᠧᠩ ᠺᠤᠮᠫᠠᠨᠢ ᠶᠢᠨ 2023 ᠣᠨ ᠠᠴᠠ ᠡᠬᠢᠯᠡᠨ ᠬᠡᠷᠡᠭᠵᠢᠭᠦᠯᠦᠭᠰᠡᠨ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 95 ᠳ᠋ᠦᠩᠰᠢᠭᠤᠷ ᠲᠥᠭᠦᠷᠢᠭ ᠲᠤ ᠬᠦᠷᠴᠦ᠂ ᠬᠤᠶᠠᠳᠤᠭᠠᠷ ᠬᠡᠰᠡᠭ ᠤᠨ ᠢᠨᠵᠧᠨᠧᠷᠢᠩ ᠢ ᠣᠲᠣ ᠶᠠᠭ ᠪᠠᠴᠢᠮ ᠪᠦᠲᠦᠭᠡᠨ ᠪᠠᠶᠢᠭᠤᠯᠵᠤ ᠪᠤᠢ᠃ ᠡᠨᠡ ᠵᠢᠯ ᠤᠨ ᠡᠴᠦᠰ ᠢᠶᠠᠷ ᠲᠦᠷᠦᠯ ᠵᠦᠢᠯ ᠪᠦᠭᠦᠨ ᠢᠶᠠᠷ ᠢᠶᠠᠨ ᠪᠠᠶᠢᠭᠤᠯᠤᠭᠳᠠᠭᠰᠠᠨ ᠤ ᠲᠠᠷᠠᠭ᠎ᠠ᠂ ᠹᠦ᠋ ᠹᠧᠩ ᠪᠦᠯᠦᠭᠯᠡᠯ ᠤᠨ ᠵᠠᠯᠠᠨ ᠠᠶᠢᠯ ᠬᠤᠳᠠ ᠳᠤ ᠣᠷᠣᠭᠤᠯᠤᠭᠰᠠᠨ ᠶᠡᠷᠦᠩᠬᠡᠢ ᠪᠡᠯᠡ ᠣᠷᠣᠭᠤᠯᠤᠯᠲᠠ 200 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠠᠬᠤᠶᠢᠯᠠᠯ ᠤᠨ ᠵᠢᠯ ᠤᠨ ᠡᠷᠳᠡᠨᠢ ᠰᠢᠰᠢ ᠡᠳ᠋ᠰᠢᠭᠦᠯᠬᠦ ᠬᠡᠮᠵᠢᠶ᠎ᠡ 300 ᠲᠦᠮᠡᠨ ᠲᠣᠨ ᠢ ᠳᠠᠪᠠᠵᠤ᠂ ᠵᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 120 ᠳ᠋ᠦᠩᠰᠢᠭᠤᠷ ᠲᠥᠭᠦᠷᠢᠭ ᠢ ᠳᠠᠪᠠᠵᠤ᠂ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ᠂ ᠡᠷᠭᠢᠯᠲᠡᠲᠦ᠂ ᠦᠷᠭᠦᠯᠵᠢᠯᠡᠬᠦ ᠬᠥᠭᠵᠢᠯᠲᠡ ᠶᠢᠨ ᠡᠷᠳᠡᠨᠢ ᠰᠢᠰᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠪᠣᠯᠣᠨ᠎ᠠ᠃
ᠬᠥᠯᠥᠨ ᠪᠤᠶᠢᠷ ᠤᠨ ᠵᠡᠭᠦᠨ ᠬᠤᠶᠢᠲᠤ ᠶᠢᠨ ᠹᠦ᠋ ᠹᠧᠩ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠰᠦᠨ ᠴᠢᠨ ᠪᠦᠸᠧ᠂ ᠮᠠᠨ ᠤ ᠠᠵᠤ ᠠᠬᠤᠶᠢᠯᠠᠯ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠹᠦ᠋ ᠹᠧᠩ ᠤᠨ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠦᠢᠯᠡᠳᠬᠦᠨ ᠤ ᠨᠡᠮᠡᠯᠲᠡ ᠦᠷᠳᠡᠭ ᠪᠣᠯᠣᠨ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢ ᠨᠡᠩ ᠪᠣᠬᠢᠷᠳᠤᠯ ᠦᠭᠡᠢ᠂ ᠨᠡᠩ ᠣᠷᠴᠢᠨ ᠲᠣᠭᠤᠷᠢᠨ ᠢ ᠬᠠᠮᠠᠭᠠᠯᠠᠬᠤ ᠪᠤᠯᠭᠠᠵᠤ᠂ ᠤᠮᠠᠷᠠᠲᠤ ᠬᠢᠯᠢ ᠶᠢᠨ ᠡᠬᠡ ᠭᠠᠵᠠᠷ ᠲᠤ ᠳᠡᠯᠡᠬᠡᠢ ᠶᠢᠨ ᠲᠡᠰ ᠤᠨ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠲᠣᠮᠣ ᠠᠵᠤ ᠠᠬᠤᠶᠢᠯᠠᠯ ᠢ ᠴᠣᠭᠴᠠᠯᠠᠨ᠎ᠠ ᠭᠡᠪᠡ᠃
ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠥᠷᠨᠢᠭᠦᠯᠬᠦ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠭᠠᠷᠳᠠᠴᠠ ᠮᠥᠨ᠃
ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠲᠤᠬᠠᠢ᠂ ᠡᠨᠡ ᠵᠢᠯ ᠬᠥᠯᠥᠨ ᠪᠤᠶᠢᠷ ᠬᠤᠲᠠ ᠶᠢᠨ ᠳᠣᠲᠣᠭᠠᠳᠤ ᠳᠠᠭᠠᠨ ᠬᠤᠰᠢᠭᠤ ᠰᠢᠶᠠᠨ ᠤ ᠬᠡᠪᠴᠢᠶᠡᠨ ᠤ ᠡᠬᠢ ᠪᠠᠶᠠᠯᠢᠭ ᠢ ᠨᠡᠶᠢᠳᠬᠡᠬᠦ᠂ ᠬᠢᠯᠢ ᠶᠢᠨ ᠪᠣᠭᠤᠮᠲᠠ ᠬᠢᠭᠡᠳ ᠬᠢᠯᠢ ᠶᠢᠨ ᠪᠣᠭᠤᠮᠲᠠ ᠶᠢᠨ ᠪᠤᠰᠤ ᠬᠤᠰᠢᠭᠤ ᠬᠤᠲᠠ ᠲᠣᠭᠤᠷᠢᠭ ᠤᠨ ᠬᠠᠷᠢᠯᠴᠠᠨ ᠰᠠᠭᠤᠷᠢᠨ ᠪᠤᠯᠬᠤ ᠬᠢᠯᠢ ᠬᠢᠵᠠᠭᠠᠷ ᠤᠨ ᠬᠠᠷᠢᠯᠴᠠᠨ ᠬᠥᠳᠡᠯᠦᠯᠴᠡᠬᠦ ᠶᠢ ᠠᠬᠢᠭᠤᠯᠬᠤ ᠶᠢ ᠭᠤᠣᠯᠳᠠᠯᠭ᠎ᠠ ᠲᠠᠢ ᠠᠳᠬᠤᠨ᠎ᠠ︔ ᠣᠷᠣᠨ ᠤ ᠳᠣᠲᠣᠷ᠎ᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠢ ᠪᠠᠶᠢᠷᠢᠯᠠᠭᠤᠯᠤᠯᠲᠠ ᠳᠣᠣᠷ᠎ᠠ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠶᠢ ᠭᠤᠣᠯᠳᠠᠯᠭ᠎ᠠ ᠲᠠᠢ ᠠᠳᠬᠤᠨ᠎ᠠ︔ ᠤᠯᠤᠰ ᠤᠨ ᠳᠣᠲᠣᠭᠠᠳᠤ ᠳᠤ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠵᠢᠯᠴᠠᠭ᠎ᠠ ᠶᠢ ᠭᠤᠣᠯᠳᠠᠯᠭ᠎ᠠ ᠲᠠᠢ ᠠᠳᠬᠤᠨ᠎ᠠ︔ ᠣᠯᠠᠨ ᠤᠯᠤᠰ ᠤᠨ ᠲᠠᠯ᠎ᠠ ᠳᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠨ᠎ᠠ ᠭᠡᠵᠦ ᠳᠤᠷᠠᠳᠤᠨ ᠭᠠᠷᠭᠠᠪᠠ᠃
ᠨᠡᠭᠡᠭᠡᠯᠲᠡ ᠬᠢᠪᠡᠯ ᠲᠠᠪᠰᠢᠯᠳᠠ ᠶᠢ ᠠᠪᠴᠢᠷᠠᠵᠤ᠂ ᠬᠠᠮᠲᠤᠷᠠᠯᠴᠠᠪᠠᠯ ᠰᠠᠶ᠋ᠢ ᠬᠠᠮᠲᠤ ᠪᠠᠷ ᠠᠰᠢᠭ ᠬᠦᠷᠲᠡᠵᠦ ᠴᠢᠳᠠᠨ᠎ᠠ᠃ ᠬᠠᠪᠤᠷ ᠡᠬᠢᠯᠡᠮᠡᠭᠴᠡ᠂ ᠬᠥᠯᠥᠨ ᠪᠤᠶᠢᠷ ᠰᠠᠨᠠᠭᠠᠴᠢᠯᠠᠭ᠎ᠠ ᠠᠴᠠ ᠪᠠᠨ ᠥᠪᠥᠷ ᠮᠣᠩᠭᠤᠯ ᠤᠨ ᠵᠡᠭᠦᠨ ᠬᠡᠰᠡᠭ ᠤᠨ ᠠᠬ᠎ᠠ ᠳᠡᠭᠦᠦ ᠠᠶᠢᠮᠠᠭ ᠬᠤᠳᠠ ᠲᠠᠢ ᠵᠣᠯᠭᠠᠯᠴᠠᠵᠤ᠂ ︽ᠰᠠᠶᠢᠨ ᠬᠠᠨᠢᠲᠠᠨ︾ ᠲᠠᠢ ᠪᠠᠨ ᠭᠠᠷ ᠬᠤᠯᠪᠣᠯᠴᠠᠨ᠂ ︽ᠨᠠᠶᠢᠵᠠ ᠶᠢᠨ ᠲᠣᠭᠤᠷᠢᠭ︾ ᠢᠶᠠᠨ ᠪᠤᠵᠠᠭᠠᠶᠢᠷᠠᠭᠤᠯᠪᠠ᠃
2 ᠰᠠᠷ᠎ᠠ ᠶᠢᠨ 21 ᠤ ᠡᠳᠦᠷ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠪᠣᠯᠣᠨ ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠬᠤᠶᠠᠷ ᠭᠠᠵᠠᠷ ᠭᠤᠷᠪᠠᠨ ᠲᠠᠯ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠠᠷᠢᠯᠴᠠᠬᠤ ᠬᠤᠷᠠᠯ ᠬᠤᠷᠠᠯᠳᠤᠭᠤᠯᠵᠤ᠂ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ ᠴᠠᠭᠢᠯᠭᠠᠨ ᠢ ᠪᠡᠭᠡᠵᠢᠩ ᠳᠤ ᠣᠷᠣᠭᠤᠯᠵᠤ ᠭᠠᠳᠠᠭᠰᠢ ᠬᠦᠷᠭᠡᠬᠦ ᠵᠠᠮ ᠱᠤᠭᠤᠮ᠂ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ ᠤᠨ ᠣᠶᠢᠷ᠎ᠠ ᠣᠭᠲᠠᠷᠭᠤᠢ ᠶᠢᠨ ᠵᠢᠭᠤᠯᠴᠢᠯᠠᠯ ᠤᠨ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠢᠨᠵᠧᠨᠧᠷᠢᠩ ᠤᠨ ᠲᠤᠬᠠᠢ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠪᠠ᠃ ᠭᠤᠷᠪᠠᠨ ᠲᠠᠯ᠎ᠠ ᠪᠠᠷ ᠢᠶᠠᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ᠂ ᠶᠢᠨ ᠵᠢᠶᠠᠩ ᠭᠧᠦ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠨᠡᠭᠡᠭᠡᠨ ᠬᠥᠭᠵᠢᠭᠦᠯᠬᠦ ᠵᠡᠷᠭᠡ ᠲᠤᠯᠤᠭᠠᠨ ᠶᠡᠭᠡ ᠬᠠᠮᠲᠤᠷᠠᠯᠴᠠᠭᠠᠨ ᠤ ᠲᠦᠷᠦᠯ ᠵᠦᠢᠯ ᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠣᠰᠤᠭ᠎ᠠ ᠴᠣᠭᠴᠠᠵᠢᠭᠤᠯᠤᠨ ᠬᠠᠮᠠᠭᠠᠯᠠᠬᠤ ᠰᠢᠰᠲ᠋ᠧᠮ ᠢ ᠬᠠᠮᠵᠢᠯᠴᠠᠨ ᠪᠠᠶᠢᠭᠤᠯᠪᠠ᠃
ᠮᠥᠨ ᠴᠦ ᠡᠨᠡ ᠬᠠᠪᠤᠷ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ ᠪᠣᠯᠣᠨ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠬᠢᠵᠠᠭᠠᠷᠲᠤ ᠺᠤᠮᠫᠠᠨᠢ ᠭᠤᠷᠪᠠᠨ ᠲᠠᠯ᠎ᠠ ᠪᠠᠷ ᠢᠶᠠᠨ ᠭᠡᠷ᠎ᠡ ᠲᠣᠭᠲᠠᠵᠤ᠂ ᠬᠥᠯᠥᠨ ᠪᠤᠶᠢᠷ ᠬᠤᠳᠠ ᠪᠣᠯᠣᠨ ᠬᠢᠩᠭᠠᠨ ᠠᠶᠢᠮᠠᠭ ᠤᠨ ︽ᠪᠣᠬᠢᠷᠳᠤᠯ ᠦᠭᠡᠢ ᠴᠠᠭᠢᠯᠭᠠᠨ ᠢ ᠪᠡᠭᠡᠵᠢᠩ ᠳᠤ ᠣᠷᠣᠭᠤᠯᠬᠤ︾ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠱᠤᠭᠤᠮ᠂ ᠰᠢᠨ᠎ᠡ ᠡᠨᠧᠷᠭᠢ ᠶᠢᠨ ᠲᠣᠮᠣ ᠰᠠᠭᠤᠷᠢᠨ᠂ ᠢᠯᠴᠢ ᠶᠢᠨ ᠴᠠᠭᠢᠯᠭᠠᠨ ᠵᠢᠴᠢ ᠤᠰᠤ ᠲᠠᠲᠠᠵᠤ ᠡᠨᠧᠷᠭᠢ ᠬᠠᠳᠠᠭᠠᠯᠠᠬᠤ ᠵᠡᠷᠭᠡ ᠲᠦᠷᠦᠯ ᠵᠦᠢᠯ ᠢ ᠤᠯᠤᠰ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠳᠤ ᠣᠷᠣᠭᠤᠯᠬᠤ ᠶᠢ ᠬᠠᠮᠲᠤ ᠪᠠᠷ ᠠᠬᠢᠭᠤᠯᠵᠤ᠂ ᠲᠦᠷᠦᠯ ᠵᠦᠢᠯ ᠢ ᠡᠬᠢᠯᠡᠭᠦᠯᠦᠨ ᠬᠡᠷᠡᠭᠵᠢᠭᠦᠯᠬᠦ ᠳᠤ ᠴᠢᠬᠤᠯᠠ ᠪᠦᠬᠦᠢ ᠨᠥᠬᠦᠴᠡᠯ ᠪᠦᠷᠢᠯᠳᠦᠭᠦᠯᠵᠦ ᠥᠭᠴᠡᠢ᠃ ᠡᠬᠢ ᠪᠠᠶᠠᠯᠢᠭ ᠢ ᠨᠡᠶᠢᠳᠬᠡᠬᠦ ᠪᠠ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠪᠠᠷ ᠳᠠᠮᠵᠢᠨ᠂ ᠬᠤᠶᠠᠷ ᠭᠠᠵᠠᠷ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠪᠠ᠃
ᠮᠥᠨ ᠡᠨᠡ ᠬᠠᠪᠤᠷ᠂ ᠬᠥᠯᠥᠨ ᠪᠤᠶᠢᠷ ᠬᠤᠳᠠ ᠪᠣᠯᠣᠨ ᠷᠠᠰᠢᠶᠠᠨ ᠰᠣᠶᠣᠯ ᠵᠢᠭᠤᠯᠴᠢᠯᠠᠯ ᠤᠨ ᠪᠦᠯᠦᠭᠯᠡᠯ 50 ᠭᠠᠷᠤᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠣᠷᠣᠯᠴᠠᠬᠰᠠᠨ ᠵᠢᠭᠤᠯᠴᠢᠯᠠᠯ ᠤᠨ ᠡᠬᠢ ᠪᠠᠶᠠᠯᠢᠭ ᠢ ᠵᠣᠯᠭᠠᠭᠤᠯᠬᠤ ᠶᠠᠷᠢᠯᠴᠠᠬᠤ ᠬᠤᠷᠠᠯ ᠢ ᠡᠷᠭᠢᠯᠡᠪᠡ᠃ ᠶᠠᠷᠢᠯᠴᠠᠨ ᠰᠣᠯᠢᠯᠴᠠᠬᠤ ᠪᠠᠷ ᠳᠠᠮᠵᠢᠨ᠂ ᠬᠤᠶᠠᠷ ᠭᠠᠵᠠᠷ ᠤᠨ ᠬᠢᠨ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ᠂ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠠᠭᠤᠰᠤᠯᠴᠠᠬᠤ ᠶᠢ ᠠᠬᠢᠭᠤᠯᠬᠤ ᠲᠤᠬᠠᠢ ᠬᠠᠮᠲᠤ ᠶᠢᠨ ᠲᠠᠨᠢᠯᠲᠠ ᠲᠠᠢ ᠪᠣᠯᠵᠤ᠂ ᠡᠬᠢ ᠪᠠᠶᠠᠯᠢᠭ ᠢ ᠵᠠᠪᠰᠠᠷ ᠦᠭᠡᠢ ᠵᠣᠯᠭᠠᠭᠤᠯᠬᠤ ᠶᠢ ᠵᠣᠷᠢᠪᠠ᠃
ᠬᠥᠯᠥᠨ ᠪᠤᠶᠢᠷ ᠬᠤᠳᠠ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ ᠪᠣᠯᠤᠭᠰᠠᠨ ᠤ ᠬᠤᠪᠢ ᠳᠤ᠂ ᠦᠨᠳᠦᠰᠦᠲᠡᠨ ᠨᠦᠭᠦᠳ ᠤᠷᠳᠤ ᠬᠤᠭᠤᠴᠠᠭᠠᠨ ᠤ ᠲᠡᠦᠬᠡᠨ ᠬᠥᠭᠵᠢᠯᠲᠡ ᠶᠢᠨ ᠶᠠᠪᠤᠴᠠ ᠳᠤ ᠬᠠᠮᠲᠤ ᠶᠢᠨ ᠰᠣᠶᠣᠯ ᠤᠨ ᠤᠯᠠᠮᠵᠢᠯᠠᠯ ᠪᠠ ᠦᠷᠳᠡᠭ ᠤᠨ ᠦᠵᠡᠯᠲᠡ ᠶᠢ ᠪᠦᠷᠢᠯᠳᠦᠭᠦᠯᠵᠡᠢ᠃ ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠢᠯᠢ ᠬᠢᠵᠠᠭᠠᠷ ᠢ ᠬᠠᠮᠠᠭᠠᠯᠠᠬᠤ ᠰᠣᠶᠣᠯ᠂ ᠤᠢ ᠰᠢᠭᠤᠢ ᠶᠢᠨ ᠰᠣᠶᠣᠯ ᠡᠨᠡ ᠬᠦ ᠨᠤᠲᠤᠭ ᠳᠡᠪᠢᠰᠬᠡᠷ ᠳᠡᠭᠡᠷ᠎ᠡ ᠤᠯᠠᠨ ᠡᠰᠢᠵᠢᠨ ᠠᠭᠤᠰᠤᠯᠴᠠᠵᠤ᠂ ᠬᠥᠯᠥᠨ ᠪᠤᠶᠢᠷ ᠤᠨ ᠪᠠᠭᠲᠠᠭᠠᠮᠵᠢᠲᠠᠢ ᠨᠡᠭᠡᠭᠡᠯᠲᠡᠲᠡᠢ᠂ ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠭᠰᠠᠨ ᠥᠪᠡᠷᠮᠢᠴᠡ ᠰᠣᠶᠣᠯ ᠢ ᠪᠦᠷᠢᠯᠳᠦᠭᠦᠯᠪᠡ᠃
ᠣᠶᠢᠷ᠎ᠠ ᠶᠢᠨ ᠵᠢᠯ ᠳᠤ᠂ ᠬᠥᠯᠥᠨ ᠪᠤᠶᠢᠷ ᠬᠤᠳᠠ ᠶᠢᠨ ᠬᠢᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠪᠣᠯᠣᠨ ᠣᠷᠣᠨ ᠪᠦᠰᠡ ᠶᠢᠨ ᠵᠠᠩ ᠦᠢᠯᠡ ᠶᠢ ᠢᠯᠡᠷᠡᠭᠦᠯᠦᠭᠰᠡᠨ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠪᠣᠯᠣᠨ ᠰᠣᠶᠣᠯ ᠢ ᠪᠡᠶᠡᠴᠢᠯᠡᠨ ᠣᠶᠢᠯᠠᠭᠠᠬᠤ ᠪᠦᠲᠦᠭᠡᠭᠳᠡᠬᠦᠨ ᠴᠣᠯᠭᠤᠷᠠᠨ ᠭᠠᠷᠴᠤ᠂ ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠯᠥᠨ ᠪᠤᠶᠢᠷ ᠤᠨ ᠰᠣᠶᠣᠯ ᠢ ᠳᠡᠯᠭᠡᠨ ᠦᠵᠡᠭᠦᠯᠭᠦ ᠭᠤᠶᠢᠳᠠ ᠰᠠᠶᠢᠬᠠᠨ ᠨᠡᠷ᠎ᠡ ᠶᠢᠨ ᠬᠠᠭᠤᠳᠠᠰᠤ ᠪᠣᠯᠵᠠᠢ᠃
ᠬᠥᠯᠥᠨ ᠪᠤᠶᠢᠷ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠰᠣᠶᠣᠯ ᠤᠨ ᠳᠠᠮᠵᠢᠭᠤᠯᠭ᠎ᠠ ᠶᠢᠨ ᠰᠢᠨ᠎ᠡ ᠵᠠᠭᠪᠤᠷ᠂ ᠰᠢᠨ᠎ᠡ ᠦᠵᠡᠭᠳᠡᠯ ᠪᠠᠶᠢᠳᠠᠯ ᠢ ᠪᠤᠶ ᠪᠣᠯᠭᠠᠪᠠ᠃ ᠲᠡᠦᠬᠡ ᠶᠢᠨ ᠮᠦᠽᠧᠢ᠂ ᠤᠯᠠᠭᠠᠨᠮᠥ᠋ᠴᠢᠷ ᠤᠨ ᠣᠷᠳᠣᠨ ᠵᠡᠷᠭᠡ ᠪᠠᠶᠢᠭᠤᠯᠤᠭᠳᠠᠵᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠤᠨᠤᠭ ᠲᠥᠬᠦᠭᠡᠷᠦᠮᠵᠢ ᠶᠢᠨ ᠲᠣᠣᠷ ᠲᠠᠰᠤᠷᠠᠯᠲᠠ ᠦᠭᠡᠢ ᠲᠡᠭᠦᠯᠳᠡᠷᠵᠢᠵᠦ᠂ ᠤᠮᠠᠷᠠᠲᠤ ᠬᠢᠯᠢ ᠶᠢᠨ ᠰᠣᠶᠣᠯ ᠢ ᠠᠷᠠᠳ ᠣᠯᠠᠨ ᠤ ᠠᠮᠢᠳᠤᠷᠠᠯ ᠳᠤ ᠠᠭᠤᠰᠬᠠᠨ ᠣᠷᠣᠭᠤᠯᠵᠤ᠂ ᠬᠥᠮᠥᠰ ᠤᠨ ᠣᠶᠤᠨ ᠤ ᠠᠮᠢᠳᠤᠷᠠᠯ ᠤᠨ ᠴᠢᠬᠤᠯᠠ ᠰᠢᠮ᠎ᠡ ᠲᠡᠵᠢᠭᠡᠯ ᠪᠣᠯᠭᠠᠪᠠ᠃
2 ᠰᠠᠷ᠎ᠠ ᠶᠢᠨ 26 ᠤ ᠡᠳᠦᠷ᠂ ︽ᠡᠨᠡ ᠪᠣᠯ ᠬᠥᠯᠥᠨ ᠪᠤᠶᠢᠷ︾ ᠭᠡᠬᠦ ᠲᠣᠮᠣ ᠭᠡᠯᠪᠡᠷᠢ ᠶᠢᠨ ᠪᠦᠷᠢᠨ ᠵᠠᠭᠤᠴᠢᠯᠠᠭᠤᠷ ᠤᠨ ᠳᠠᠮᠵᠢᠭᠤᠯᠭ᠎ᠠ ᠶᠢᠨ ᠠᠵᠢᠯᠯᠠᠭ᠎ᠠ ᠡᠬᠢᠯᠡᠪᠡ᠃ ᠪᠦᠷᠢᠨ ᠵᠠᠭᠤᠴᠢᠯᠠᠭᠤᠷ ᠤᠨ ᠵᠢᠭᠰᠠᠭᠠᠯ ᠳᠤ ᠲᠦᠰᠢᠭᠯᠡᠨ᠂ ᠡᠷᠬᠡ ᠰᠦᠷᠲᠦ ᠲᠠᠪᠴᠠᠩ ᠢᠶᠠᠷ ᠳᠡᠮᠵᠢᠨ᠂ ᠬᠠᠮᠲᠤᠷᠠᠯᠴᠠᠭᠰᠠᠨ ᠲᠠᠯ᠎ᠠ ᠪᠤᠯᠬᠤ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠨᠢᠭᠡ ᠪᠦᠯᠦᠭ ᠰᠢᠯᠢᠳᠡᠭ᠂ ᠤᠯᠠᠮᠵᠢᠯᠠᠭᠳᠠᠨ ᠲᠠᠷᠬᠠᠵᠤ ᠳᠡᠶᠢᠯᠭᠦ᠂ ᠤᠯᠠᠮᠵᠢᠯᠠᠭᠳᠠᠨ ᠦᠯᠡᠳᠡᠵᠦ ᠳᠡᠶᠢᠯᠭᠦ ᠰᠣᠶᠣᠯ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠳᠣᠲᠣᠭᠠᠳᠤ ᠳᠠᠭᠠᠨ ᠬᠥᠯᠥᠨ ᠪᠤᠶᠢᠷ ᠤᠨ ᠬᠦᠴᠦᠨ ᠢ ᠨᠢᠭᠲᠠᠷᠠᠭᠤᠯᠵᠤ᠂ ᠭᠠᠳᠠᠭᠰᠢ ᠬᠥᠯᠥᠨ ᠪᠤᠶᠢᠷ ᠤᠨ ᠳᠦᠷᠢ ᠲᠥᠷᠬᠦ ᠶᠢ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ ᠶᠢᠨ ᠬᠥᠯᠥᠨ ᠪᠤᠶᠢᠷ ᠤᠨ ︽ᠤᠮᠠᠷᠠᠲᠤ ᠬᠢᠯᠢ ᠶᠢᠨ ᠰᠣᠶᠣᠯ︾ ᠤᠨ ᠣᠨᠴᠠᠯᠢᠭᠲᠤ ᠲᠥᠷᠥᠯ ᠲᠡᠮᠳᠡᠭ ᠤᠨ ᠰᠢᠨ᠎ᠡ ᠥᠨᠳᠦᠷᠯᠢᠭ ᠢ ᠴᠣᠭᠴᠠᠯᠠᠪᠠ᠃
3 ᠰᠠᠷ᠎ᠠ ᠶᠢᠨ 11 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠦᠢᠯᠡᠳᠦᠯᠭᠡ ᠰᠡᠳᠬᠦᠯ ᠤᠨ ᠬᠤᠷᠢᠶ᠎ᠠ ᠯᠤᠭ᠎ᠠ ᠭᠠᠷ ᠬᠤᠯᠪᠣᠯᠴᠠᠨ᠂ ᠬᠥᠯᠥᠨ ᠪᠤᠶᠢᠷ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠢ ᠠᠬᠢᠭᠤᠯᠬᠤ ᠲᠤᠬᠠᠢ ᠭᠡᠷ᠎ᠡ ᠲᠣᠭᠲᠠᠪᠠ᠃ ᠬᠤᠶᠠᠷ ᠲᠠᠯ᠎ᠠ ᠪᠠᠷ ᠢᠶᠠᠨ ᠤᠮᠠᠷᠠᠲᠤ ᠬᠢᠯᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ᠂ ᠤᠬᠠᠭᠤᠯᠤᠨ ᠳᠡᠯᠭᠡᠷᠡᠭᠦᠯᠬᠦ᠂ ᠰᠢᠨ᠎ᠡ ᠵᠠᠭᠤᠴᠢᠯᠠᠭᠤᠷ ᠤᠨ ᠴᠢᠳᠠᠪᠤᠷᠢᠲᠠᠨ ᠢ ᠬᠠᠮᠲᠤᠷᠠᠨ ᠬᠥᠮᠥᠵᠢᠭᠦᠯᠬᠦ ᠵᠡᠷᠭᠡ ᠤᠯᠠᠨ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠬᠥᠯᠥᠨ ᠪᠤᠶᠢᠷ ᠤᠨ ᠤᠮᠠᠷᠠᠲᠤ ᠬᠢᠯᠢ ᠶᠢᠨ ᠰᠣᠶᠣᠯ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠪᠣᠯᠣᠨ᠎ᠠ᠃
ᠥᠪᠡᠷᠮᠢᠴᠡ ᠳᠠᠪᠠᠭᠤᠯᠢᠭ ᠪᠠᠶᠢᠭᠠᠯᠢ ᠪᠠ ᠰᠣᠶᠣᠯ ᠢᠷᠭᠡᠨᠰᠢᠯ ᠤᠨ ᠡᠬᠢ ᠪᠠᠶᠠᠯᠢᠭ ᠲᠠᠭᠠᠨ ᠲᠦᠰᠢᠭᠯᠡᠨ᠂ ᠬᠥᠯᠥᠨ ᠪᠤᠶᠢᠷ ᠬᠤᠳᠠ ᠶᠢᠨ ᠬᠢᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠬᠥᠯᠥᠨ ᠪᠤᠶᠢᠷ ᠤᠨ ᠲᠠᠯ᠎ᠠ ᠨᠤᠲᠤᠭ︾᠂ ︽ᠠᠭᠤᠰᠤᠯᠴᠠᠯ ᠤᠨ ᠵᠠᠮ︾᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠵᠡᠷᠭᠡ ᠣᠨᠴᠠᠯᠢᠭᠲᠤ ᠲᠦᠷᠦᠯ ᠲᠡᠮᠳᠡᠭ ᠢ ᠨᠠᠷᠢᠯᠢᠭ ᠡᠭᠦᠳᠴᠦ ᠪᠤᠢ᠃ ᠡᠭᠦᠨ ᠤ ᠵᠡᠷᠭᠡ ᠪᠠᠷ ᠮᠠᠯᠵᠢᠬᠤ ᠲᠠᠷᠢᠶᠠᠯᠠᠬᠤ ᠡᠷᠦᠭᠡ ᠶᠢᠨ ᠵᠢᠭᠤᠯᠴᠢᠯᠠᠯ᠂ ᠡᠮᠴᠢᠯᠡᠭᠡ ᠡᠷᠡᠭᠦᠯᠵᠢᠯ ᠰᠤᠪᠢᠯᠠᠯᠲᠠ᠂ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠵᠡᠷᠭᠡ ᠶᠢ ᠣᠷᠭᠠᠨᠢᠭ ᠢᠶᠠᠷ ᠵᠢᠭᠤᠯᠴᠢᠯᠠᠯ ᠤᠨ ᠱᠤᠭᠤᠮ ᠳᠤ ᠠᠭᠤᠰᠤᠯᠴᠠᠭᠤᠯᠵᠤ᠂ ᠵᠢᠭᠤᠯᠴᠢᠯᠠᠬᠰᠡᠳ ᠤᠨ ᠠᠳᠠᠯᠢ ᠪᠤᠰᠤ ᠬᠡᠷᠡᠭᠴᠡᠭᠡ ᠶᠢ ᠬᠠᠩᠭᠠᠵᠤ᠂ ᠬᠡᠷᠡᠭᠯᠡᠭᠡᠨ ᠤ ᠳᠠᠯᠳᠠ ᠬᠦᠴᠦᠨ ᠢ ᠪᠦᠭᠦ ᠲᠠᠯ᠎ᠠ ᠪᠠᠷ ᠬᠥᠭᠵᠢᠭᠡᠵᠦ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢᠶᠠᠷ ᠵᠠᠮᠨᠠᠵᠤ ᠪᠠᠶᠢᠨ᠎ᠠ᠃