ᠬᠢᠩᠭᠠᠨ ᠠᠶᠢᠮᠠᠭ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠴᠢᠳ ᠲᠤ ᠰᠢᠭᠤᠳ ᠠᠰᠢᠭ ᠬᠦᠷᠲᠡᠭᠡᠵᠦ ᠠᠵᠤ ᠠᠬᠤᠶᠢᠯᠠᠯ ᠢ ᠰᠢᠭᠤᠳ ᠳᠡᠮᠵᠢᠵᠦ ᠪᠣᠢ
ᠨᠡᠶᠢᠲᠡᠯᠡᠭᠰᠡᠨ ᠴᠠᠭ᠄
2025/3/24

      ᠣᠶᠢᠷ᠎ᠠ ᠳᠤ᠂ ᠬᠢᠩᠭᠠᠨ ᠠᠶᠢᠮᠠᠭ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠴᠢᠨ ᠳᠤ ︿ᠠᠰᠢᠭ ᠬᠦᠷᠲᠡᠭᠡᠵᠦ﹀   ︿ᠣᠶᠣᠨᠴᠢᠯᠠᠯᠲᠠ﹀ ᠪᠠᠷ ᠬᠠᠪᠤᠷ ᠤᠨ ᠲᠠᠷᠢᠶᠠᠯᠠᠭ᠎ᠠ ᠶᠢ ᠳᠡᠮᠵᠢᠬᠦ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ 8 ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ 50 ᠭᠠᠷᠤᠶ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ 5 ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠲᠤ ᠳᠡᠯᠭᠡᠨ ᠦᠵᠡᠭᠦᠯᠬᠦ᠂ ᠭᠡᠷ᠎ᠡ ᠲᠣᠭᠲᠠᠬᠤ ᠪᠠ ᠵᠥᠪᠳᠡᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠲᠠᠷᠢᠶᠠᠴᠢᠨ ᠳᠤ ᠠᠰᠢᠭ ᠬᠦᠷᠲᠡᠭᠡᠪᠡ᠃ ᠨᠢᠭᠡ ᠳᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠦᠴᠦᠨ ᠨᠡᠮᠡᠷᠢᠯᠡᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ︽ᠭᠤᠷᠪᠠᠨ ᠲᠣᠭᠤᠷᠢᠭ︾ ᠤᠨ 138 ᠲᠤᠰᠬᠠᠶ ᠮᠡᠷᠭᠡᠵᠢᠯᠲᠡᠨ ᠢ ᠡᠷᠳᠡᠨᠢ ᠰᠢᠰᠢ ᠵᠡᠷᠭᠡ 10 ᠬᠦᠷᠢᠶ᠎ᠡ ᠴᠠᠷᠠᠭ᠎ᠠ ᠪᠠᠷ ᠠᠵᠤ ᠦᠢᠯᠡᠰ ᠢ ᠬᠠᠪᠰᠤᠷᠤᠨ ᠲᠡᠳᠬᠦᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠲᠣᠬᠢᠶᠠᠯ ᠯᠤᠭ᠎ᠠ ᠤᠶᠠᠯᠳᠤᠭᠤᠯᠤᠨ ᠬᠤᠰᠢᠭᠤ ᠰᠢᠶᠠᠨ ᠬᠤᠲᠠ ᠳᠤ ᠭᠦᠨᠵᠡᠭᠡᠶᠢᠷᠡᠨ ᠲᠤᠰᠬᠠᠶ ᠰᠡᠳᠦᠪᠲᠦ ᠲᠠᠶᠢᠯᠤᠮᠵᠢ ᠬᠢᠯᠭᠡᠵᠦ᠂ ᠲᠤᠬᠠᠶ ᠶᠢᠨ ᠲᠠᠯᠠᠪᠤᠷ ᠲᠤ ᠵᠢᠱᠢᠶ᠎ᠡ ᠦᠵᠡᠭᠦᠯᠬᠦ ᠪᠠ ᠲᠠᠷᠢᠶᠠᠨ ᠭᠠᠵᠠᠷ ᠲᠤ ᠵᠢᠭᠠᠨ ᠵᠢᠯᠣᠭᠤᠳᠬᠤ ᠶᠢ ᠥᠷᠨᠢᠭᠦᠯᠬᠦ ᠪᠠᠷ ᠳᠠᠮᠵᠢᠭᠤᠯᠵᠤ᠂ ᠮᠠᠯᠴᠢᠨ ᠲᠠᠷᠢᠶᠠᠴᠢᠨ ᠢ ᠬᠠᠪᠰᠤᠷᠤᠨ ᠬᠠᠮᠤᠭ ᠤᠨ ᠰᠢᠨ᠎ᠡ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠢ ᠡᠵᠡᠮᠰᠢᠭᠦᠯᠪᠡ︔ ᠲᠠᠷᠢᠶᠠᠯᠠᠩ ᠮᠠᠯ ᠠᠵᠤ ᠠᠬᠤᠢ ᠶᠢᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠵᠡᠷᠭᠡ ᠳᠤ ᠨᠢ ᠡᠷᠭᠢᠯᠡᠵᠦ᠂ 200 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ ᠬᠤᠶᠠᠷ ᠲᠤ᠂ ᠵᠣᠯᠭᠠᠭᠤᠯᠬᠤ ᠲᠠᠪᠴᠠᠩ ᠢ ᠪᠠᠶᠢᠭᠤᠯᠵᠤ ᠦᠷ᠎ᠡ ᠪᠦᠲᠦᠭᠡᠯ ᠢᠶᠠᠨ ᠤᠯᠠᠷᠢᠭᠤᠯᠬᠤ ᠶᠢ ᠠᠬᠢᠭᠤᠯᠪᠠ᠃ ᠬᠦᠲᠦᠴᠢ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ ᠵᠣᠬᠢᠶᠠᠨ ᠪᠠᠶᠢᠭᠤᠯᠤᠨ ᠰᠢᠯᠢᠳᠡᠭ ᠰᠢᠨ᠎ᠡ 100 ᠭᠠᠷᠤᠢ ᠦᠷ᠎ᠡ ᠡᠭᠦᠯᠳᠡᠷ᠂ 20 ᠰᠢᠬᠠᠮ ᠲᠦᠷᠦᠯ ᠤᠨ ᠰᠢᠨ᠎ᠡ ᠮᠡᠷᠭᠡᠵᠢᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠤᠬᠠᠢ ᠶᠢᠨ ᠲᠠᠯᠠᠪᠤᠷ ᠲᠤ 1000 ᠲᠦᠮᠡ ᠭᠠᠷᠤᠢ ᠲᠥᠭᠦᠷᠢᠭ ᠪᠣᠷᠤᠯᠠᠭᠤᠯᠤᠭᠰᠠᠨ ᠤ ᠬᠠᠮᠲᠤ᠂ ᠠᠵᠤ ᠠᠬᠤᠶᠢᠯᠠᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠵᠢᠭᠡᠯᠡᠯᠭᠡ ᠶᠢ 700 ᠲᠦᠮᠡ ᠭᠠᠷᠤᠢ ᠲᠥᠭᠦᠷᠢᠭ ᠥᠭᠪᠡ᠃ ᠭᠤᠷᠪᠠ ᠳᠤ᠂ ᠤᠬᠠᠭᠤᠯᠭ᠎ᠠ ᠶᠢ ᠴᠢᠩᠭᠠᠷᠠᠭᠤᠯᠵᠤ ᠬᠡᠪ ᠪᠠᠶᠢᠳᠠᠯ ᠢ ᠪᠣᠶ ᠪᠣᠯᠭᠠᠪᠠ᠃ ᠵᠠᠭᠤᠴᠢᠯᠠᠭᠤᠷ ᠢᠶᠠᠷ 23 ᠬᠤᠪᠢ ᠮᠡᠳᠡᠭᠡᠯᠡᠯ ᠢ ᠨᠡᠶᠢᠲᠡᠯᠡᠵᠦ᠂ ᠦᠵᠡᠭᠰᠡᠨ ᠬᠡᠮᠵᠢᠶ᠎ᠡ 4.5 ᠲᠦᠮᠡᠨ ᠤᠳᠠᠭ᠎ᠠ ᠳᠤ ᠬᠦᠷᠴᠦ᠂ ᠳᠠᠷᠤᠮᠲᠠ ᠶᠢᠨ ᠬᠡᠮᠵᠢᠶ᠎ᠡ 1 ᠲᠦᠮᠡ ᠶᠢ ᠳᠠᠪᠠᠭᠰᠠᠨ ᠪᠥᠭᠡᠳ ᠲᠤᠰ ᠠᠵᠢᠯᠯᠠᠭ᠎ᠠ ᠪᠠᠷ ᠢᠶᠠᠨ ᠣᠯᠠᠨ ᠤ ᠠᠩᠬᠠᠷᠤᠯ ᠢ ᠲᠠᠲᠠᠵᠤ 4000 ᠭᠠᠷᠤᠢ ᠬᠦᠮᠦᠨ ᠤᠳᠠᠭ᠎ᠠ ᠲᠤᠬᠠᠢ ᠶᠢᠨ ᠲᠠᠯᠠᠪᠤᠷ ᠲᠤ ᠬᠦᠷᠴᠦ ᠣᠷᠣᠯᠴᠠᠭᠤᠯᠤᠭᠰᠠᠨ ᠪᠠᠶᠢᠨ᠎ᠠ᠃ ︵ᠬᠢᠩᠭᠠᠨ ᠠᠶᠢᠮᠠᠭ ᠤᠨ ᠵᠠᠬᠢᠷᠭ᠎ᠠ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ