ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠡᠬᠢᠯᠡᠪᠡ  ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2025/3/25

    3 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠡᠬᠢᠯᠡᠬᠦ ᠶᠢᠨ ᠬᠠᠮᠲᠤ ᠠᠩᠬᠠᠳᠤᠭᠠᠷ ᠤᠳᠠᠭ᠎ᠠ ᠶᠢᠨ ᠪᠦᠭᠦᠳᠠ ᠬᠤᠷᠠᠯ ᠬᠢᠪᠡ᠃

十四届人大常委会第十六次会议.jpg

 

    ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠲᠣ 70 ᠪᠦᠷᠢᠯᠳᠦᠭᠦᠨ ᠲᠠᠢ᠂ 64 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃

    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ᠂ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠸᠠᠨ ᠴᠤᠤ ᠴᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠰᠤᠯᠠ ᠣᠷᠣᠯᠴᠠᠵᠠᠢ᠃

    ᠬᠤᠷᠠᠯ ᠤᠨ ᠵᠥᠪᠯᠡᠬᠦ ᠵᠦᠢᠯᠡᠰ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠵᠠᠩ ᠱᠤᠤ ᠴᠦᠨ ᠤ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ᠂ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠭᠢᠯᠡᠭᠴᠢ ᠴᠧᠨ ᠵᠢᠢ ᠴᠢᠩ ᠤᠨ ᠬᠢᠭᠰᠡᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃

    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠭᠢᠯᠡᠭᠴᠢ ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠳᠦᠷᠢᠮ ︵ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠰᠦᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠬᠠᠮᠢᠶᠠᠷᠤᠯᠲᠠ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠬᠡᠷᠡᠭ ᠡᠷᠭᠢᠯᠡᠭᠴᠢᠳ ᠤᠨ ᠬᠤᠷᠠᠯ ᠤᠨ ᠡᠷᠭᠢᠯᠡᠭᠴᠢ ᠴᠢᠶᠣᠤ ᠶᠦᠨ ᠯᠢ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃

    ᠬᠤᠷᠠᠯ ᠠᠴᠠ ᠶᠠᠩ ᠽᠥᠩ ᠷᠧᠨ ᠤ ᠬᠢᠭᠰᠡᠨ ᠰᠢᠭᠦᠨ ᠲᠠᠰᠤᠯᠬᠤ ᠡᠭᠦᠷᠭᠡ ᠴᠢᠳᠠᠪᠬᠢ ᠪᠠᠨ ᠪᠠᠳᠠᠷᠠᠭᠤᠯᠵᠤ ᠬᠠᠤᠯᠢ ᠶᠣᠰᠣᠭᠠᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠭ᠎ᠠ ᠵᠢᠦᠢ ᠱᠤ᠋ ᠸᠧᠨ ᠤ ᠬᠢᠭᠰᠡᠨ 2024 ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠤᠨ ᠳᠠᠷᠤᠭ᠎ᠠ ᠾᠥᠸᠧ ᠵᠣᠣ ᠯᠢᠶᠠᠩ ᠤᠨ ᠬᠢᠭᠰᠡᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ 2024 ᠣᠨ ᠤ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠨᠤᠮᠵᠢ ᠲᠠᠢ ᠪᠠᠶᠢᠬᠤ ᠬᠡᠮᠵᠢᠶ᠎ᠡ ᠶᠢ ᠰᠢᠯᠭᠠᠨ ᠦᠨᠡᠯᠡᠪᠡ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠡᠷᠭᠢᠯᠡᠭᠴᠢ ᠵᠠᠩ ᠽᠦᠸᠧ ᠾᠧᠦ ᠶᠢᠨ ᠬᠢᠭᠰᠡᠨ 2024 ᠣᠨ ᠤ ᠪᠦᠷᠢᠳᠬᠡᠨ ᠳᠠᠩᠰᠠᠯᠠᠭᠤᠯᠵᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠭᠦᠸᠧ ᠰᠢᠨ ᠤ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

    ᠬᠤᠷᠠᠯ ᠠᠴᠠ ᠪᠠᠰᠠ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠪᠤᠷᠢ ᠣᠷᠣᠭᠤᠯᠤᠭᠰᠠᠨ ᠥᠪᠡᠷᠲᠡᠭᠡᠨ ᠵᠠᠰᠠᠬᠤ ᠳᠦᠷᠢᠮ᠂ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠰᠥᠪ ᠤᠨ ᠠᠵᠢᠯ ᠤᠨ ᠵᠥᠪᠯᠡᠯ ᠤᠨ 2024 ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠬᠢᠨᠠᠨ ᠵᠥᠪᠯᠡᠪᠡ᠃

    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠬᠡᠰᠡᠭ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠪᠠ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠭᠰᠠᠨ ᠬᠤᠲᠠ᠂ ᠮᠠᠨᠵᠤᠤᠷ ᠬᠤᠲᠠ᠂ ᠡᠷᠢᠶᠡᠨ ᠬᠤᠲᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ