|
ᠤᠯᠠᠭᠠᠨᠬᠠᠳᠠ ᠬᠤᠲᠠ ︽ᠲᠠᠯ᠎ᠠ ᠨᠤᠲᠤᠭ ᠤᠨ ᠡᠭᠦᠯᠡᠨ ᠮᠠᠯᠵᠢᠯ︾ ᠪᠠ ᠲᠠᠯ᠎ᠠ ᠨᠤᠲᠤᠭ ᠤᠨ ᠡᠭᠦᠯᠡᠨ ᠮᠠᠯᠵᠢᠯ ᠤᠨ ᠲᠤᠰᠠᠯᠠᠭᠴᠢ ᠸᠢᠴᠠᠲ ᠤᠨ ᠵᠢᠵᠢᠭ | ᠫᠷᠣᠭ᠍ᠷᠠᠮ ᠢ ᠠᠰᠢᠭᠯᠠᠨ ᠪᠦᠬᠦ ᠤᠯᠤᠰ ᠲᠠᠬᠢ ᠠᠩᠬᠠᠳᠠᠭᠴᠢ AI ᠮᠡᠷᠭᠡᠵᠢᠯ ᠲᠠᠢ ᠭᠦᠨᠵᠡᠭᠡᠢ ᠠᠭᠤᠰᠤᠯᠴᠠᠭᠤᠯᠤᠭᠰᠠᠨ ᠮᠠᠯ ᠠᠵᠤ ᠠᠬᠤᠢ ᠶᠢᠨ ᠣᠶᠤᠨᠴᠢ | ᠲᠠᠪᠴᠠᠩ ᠢ ᠪᠠᠶᠢᠭᠤᠯᠪᠠ |
|
|
ᠨᠡᠶᠢᠲᠡᠯᠡᠭᠰᠡᠨ ᠴᠠᠭ᠄
2025/3/25
|
|
ᠨᠢᠭᠡ ᠳᠤ᠂ ᠲᠡᠵᠢᠭᠡᠨ ᠦᠷᠡᠵᠢᠭᠦᠯᠬᠦ ᠡᠷᠦᠬᠡ ᠳᠤ ︽ᠰᠦᠯᠵᠢᠶᠡᠨ ᠳᠡᠭᠡᠷᠡᠬᠢ ᠡᠯᠧᠺᠲᠷᠣᠨ ᠮᠠᠯᠵᠢᠯ ᠤᠨ ᠲᠠᠯᠠᠪᠠᠶ︾ ᠶᠢ ᠪᠠᠶᠢᠭᠤᠯᠤᠨ ᠥᠭᠴᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠶᠢᠨ ᠬᠢᠨ ᠸᠢᠴᠠᠲ ᠤᠨ ᠵᠢᠵᠢᠭ ᠫᠷᠤᠭ᠍ᠷᠠᠮ ᠢᠶᠠᠷ ︽AI ᠣᠶᠤᠨᠴᠢ︾ ᠶᠢᠨ ᠬᠡᠰᠡᠭ ᠲᠤ ᠠᠰᠠᠭᠤᠯᠲᠠ ᠠᠰᠠᠭᠤᠪᠠᠯ ᠠᠯᠠᠰᠢᠨ ᠦᠬᠡᠷ ᠤᠨ ᠲᠡᠵᠢᠭᠡᠨ ᠦᠷᠡᠵᠢᠭᠦᠯᠬᠦ ᠪᠠ ᠭᠡᠮ ᠬᠢᠵᠢᠭ ᠢ ᠰᠡᠷᠭᠡᠶᠢᠯᠡᠨ ᠳᠠᠷᠤᠬᠤ᠂ ᠡᠳᠦᠷ ᠲᠤᠲᠤᠮ ᠤᠨ ᠬᠠᠮᠢᠶᠠᠷᠤᠯᠲᠠ ᠬᠢᠭᠡᠳ ᠥᠪᠡᠷ ᠤᠨ ᠥᠷᠲᠡᠭ ᠢ ᠨᠢ ᠰᠢᠯᠢᠳᠡᠭᠵᠢᠭᠦᠯᠬᠦ ᠵᠡᠷᠭᠡ ᠵᠦᠶ ᠵᠣᠬᠢᠰᠲᠠᠶ ᠰᠠᠨᠠᠭᠤᠯᠭ᠎ᠠ ᠶᠢ ᠳᠠᠷᠤᠶᠢᠬᠠᠨ ᠣᠯᠵᠤ ᠪᠣᠯᠤᠨ᠎ᠠ᠃ ᠬᠤᠶᠠᠷ ᠲᠤ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠳᠤ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠡᠯᠧᠺᠲᠷᠣᠨ ᠳᠠᠩᠰᠠ ᠡᠪᠬᠡᠮᠡᠯ ᠪᠠᠶᠢᠭᠤᠯᠬᠤ ᠦᠢᠯᠡᠴᠢᠯᠡᠭᠡ ᠬᠠᠩᠭᠠᠵᠤ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠶᠢᠨ ᠬᠢᠨ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠤᠯᠲᠠ᠂ ᠦᠢᠯᠡᠳᠪᠦᠷᠢᠯᠡᠯ᠂ ᠬᠢᠵᠢᠭ ᠤᠨ ᠰᠡᠷᠭᠡᠶᠢᠯᠡᠯᠲᠡ᠂ ᠪᠣᠷᠤᠯᠠᠭᠤᠯᠭ᠎ᠠ ᠵᠡᠷᠭᠡ ᠦᠢᠯᠡᠳᠪᠦᠷᠢᠯᠡᠯ ᠤᠨ ᠭᠤᠭᠴᠤᠭ᠎ᠠ ᠶᠢ ᠭᠡᠷ ᠲᠤ ᠪᠠᠶᠢᠵᠤ ᠪᠠᠶᠢᠭᠠᠳ ᠬᠠᠮᠢᠶᠠᠷᠴᠤ ᠪᠣᠯᠬᠤ ᠶᠢᠨ ᠬᠠᠮᠲᠤ ᠭᠡᠮ ᠬᠢᠵᠢᠭ ᠢ ᠣᠨᠣᠰᠢᠭᠤᠯᠤᠨ ᠡᠮᠨᠡᠬᠦ᠂ ᠵᠠᠬ᠎ᠠ ᠳᠡᠯᠭᠡᠭᠦᠷ ᠤᠨ ᠬᠥᠳᠡᠯᠦᠩᠭᠦᠢ ᠪᠠᠶᠢᠳᠠᠯ ᠵᠡᠷᠭᠡ ᠠᠵᠢᠯ ᠲᠦᠷᠦᠯ ᠤᠨ ᠮᠡᠳᠡᠭᠡ ᠵᠠᠩᠭᠢ ᠶᠢ ᠡᠵᠡᠮᠰᠢᠵᠦ᠂ ᠭᠡᠷ ᠠᠴᠠ ᠪᠠᠨ ᠭᠠᠷᠬᠤ ᠦᠭᠡᠢ ᠪᠠᠷ ᠦᠬᠡᠷ ᠤᠨ ᠵᠠᠬ᠎ᠠ ᠳᠡᠯᠭᠡᠭᠦᠷ ᠤᠨ ᠪᠠᠶᠢᠳᠠᠯ ᠢ ᠣᠶᠢᠯᠠᠭᠠᠭᠤᠯᠬᠤ ᠪᠣᠯᠣᠨ᠎ᠠ᠃ ᠭᠤᠷᠪᠠ ᠳᠤ᠂ ︽ᠲᠠᠯ᠎ᠠ ᠨᠤᠲᠤᠭ ᠤᠨ ᠡᠭᠦᠯᠡᠨ ᠮᠠᠯᠵᠢᠯ︾ ᠤᠨ ᠵᠢᠵᠢᠭ ᠫᠷᠤᠭ᠍ᠷᠠᠮ ᠢ DeepSeeek ᠤᠨ ᠲᠣᠮᠣ ᠵᠠᠭᠪᠤᠷ ᠲᠤ ᠵᠠᠯᠭᠠᠨ ᠣᠷᠣᠭᠤᠯᠬᠤ ᠶᠢ ᠠᠬᠢᠭᠤᠯᠵᠤ᠂ ᠤᠯᠠᠭᠠᠨᠬᠠᠳᠠ ᠶᠢᠨ ᠡᠭᠦᠯᠳᠡᠷ ᠰᠠᠶᠢᠲᠠᠢ ᠠᠯᠠᠰᠢᠨ ᠦᠬᠡᠷ ᠲᠤ ︽ᠳ᠋ᠢᠭᠢᠲᠴᠢᠯᠡᠭᠰᠡᠨ ᠮᠠᠯᠴᠢᠨ︾ ᠢ ᠳᠣᠬᠢᠷᠠᠭᠤᠯᠤᠨ ᠥᠭᠴᠦ᠂ ᠤᠯᠠᠭᠠᠨᠬᠠᠳᠠ ᠶᠢᠨ ᠠᠯᠠᠰᠢᠨ ᠦᠬᠡᠷ ᠤᠨ ᠬᠠᠮᠢᠶᠠᠷᠤᠯᠲᠠ ᠶᠢ ᠨᠢ ᠨᠠᠩ ᠣᠨᠣᠴᠠᠲᠠᠶ᠂ ᠲᠡᠵᠢᠭᠡᠨ ᠦᠷᠡᠵᠢᠭᠦᠯᠬᠦ ᠶᠢ ᠨᠢ ᠨᠠᠩ ᠥᠨᠳᠥᠷ ᠪᠦᠲᠦᠮᠵᠢᠲᠡᠶ ᠪᠣᠯᠭᠠᠨ᠎ᠠ᠃ ᠣᠳᠣᠬᠠᠨ ᠪᠣᠯᠲᠠᠯ᠎ᠠ᠂ ᠤᠯᠠᠭᠠᠨᠬᠠᠳᠠ ᠬᠤᠲᠠ ᠶᠢᠨ ᠠᠯᠠᠰᠢᠨ ᠦᠬᠡᠷ ᠤᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ ᠳᠤ ᠠᠯᠠᠰᠢᠨ ᠦᠬᠡᠷ ᠤᠨ ᠮᠡᠳᠡᠭᠡ ᠵᠠᠩᠭᠢ ᠶᠢ ᠨᠡᠶᠢᠲᠡ 207 ᠲᠦᠮᠡᠨ ᠬᠤᠪᠢ ᠣᠷᠣᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠶᠢ 9.3 ᠲᠦᠮᠡ ᠪᠠᠭᠲᠠᠭᠠᠨ ᠬᠠᠮᠤᠷᠪᠠ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|