ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ  ᠨᠢ ᠣᠢ ᠰᠢᠭᠤᠶ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠤᠷᠢᠭᠯᠠᠬᠤ ᠨᠢᠬᠡᠨ ᠤᠳᠠᠭ᠎ᠠ ᠶᠢᠨ ᠶᠡᠷᠦᠩᠬᠡᠶ ᠳᠠᠶᠢᠯᠠᠯᠳᠤᠭᠠᠨ ᠢ ᠬᠢᠬᠦ ᠬᠡᠷᠡᠭᠳᠠᠢ
ᠨᠡᠶᠢᠲᠡᠯᠡᠭᠰᠡᠨ ᠴᠠᠭ᠄
2025/3/26


      3 ᠰᠠᠷ᠎ᠠ ᠶᠢᠨ 25 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠬᠦᠷᠴᠦ᠂ ᠣᠶ ᠰᠢᠭᠤᠶ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠡᠷᠬᠢᠨ ᠬᠤᠷᠢᠭᠯᠠᠬᠤ ᠲᠤᠬᠠᠶ ᠪᠠᠶᠢᠴᠠᠭᠠᠨ ᠰᠤᠳᠤᠯᠵᠠᠢ᠃

111.jpg

      ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠮᠡᠳᠡᠭᠡ ᠵᠠᠩᠭᠢ ᠶᠢ ᠬᠡᠮᠵᠢᠨ ᠵᠢᠷᠤᠬᠯᠠᠬᠤ ᠲᠥᠪ ᠲᠤ᠂ ᠰᠦᠨ ᠱᠤᠤ ᠴᠧᠩ ᠥᠪᠥᠷ ᠮᠣᠩᠭᠤᠯ ᠤᠨ ᠳᠠᠭᠠᠭᠤᠯᠢ ᠣᠳᠣᠨ ᠤ ᠠᠯᠤᠰ ᠰᠡᠷᠡᠯ ᠤᠨ ᠡᠭᠦᠯᠡᠨ ᠦᠢᠯᠡᠴᠢᠯᠡᠭᠡᠨ ᠤ ᠲᠠᠪᠴᠠᠩ ᠤᠨ ᠦᠵᠡᠭᠦᠯᠭᠡ ᠶᠢ ᠦᠵᠡᠵᠦ᠂ ᠳᠠᠭᠠᠭᠤᠯᠢ ᠣᠳᠣᠨ ᠤ ᠠᠯᠤᠰ ᠰᠡᠷᠡᠯ ᠤᠨ ᠳ᠋ᠠᠶᠢᠲ᠋ᠠ ᠶᠢ ᠠᠰᠢᠭᠯᠠᠨ ᠬᠠᠤᠯᠢ ᠶᠢ ᠵᠥᠷᠢᠴᠡᠨ ᠭᠠᠵᠠᠷ ᠰᠢᠷᠣᠶ ᠶᠢ ᠡᠵᠡᠯᠡᠨ ᠬᠡᠷᠡᠭᠯᠡᠭᠰᠡᠨ ᠢ ᠬᠢᠨᠠᠨ ᠬᠡᠮᠵᠢᠬᠦ ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠭᠦᠨᠵᠡᠭᠡᠶ ᠶᠠᠷᠢᠯᠴᠠᠨ ᠰᠣᠯᠢᠯᠴᠠᠪᠠ᠃ ᠲᠡᠷᠡ᠂ ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠤᠨ ᠬᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠮᠵᠢᠯᠴᠠᠨ ᠠᠵᠢᠯᠯᠠᠬᠤ ᠪᠠᠨ ᠴᠢᠩᠭᠠᠳᠬᠠᠵᠤ᠂ ᠳᠠᠭᠠᠭᠤᠯᠢ ᠣᠳᠣᠨ ᠤ ᠠᠯᠤᠰ ᠰᠡᠷᠡᠯ ᠤᠨ ᠳ᠋ᠠᠶᠢᠲ᠋ᠠ ᠶᠢ ᠭᠦᠢᠴᠡᠳ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠲᠤ ᠬᠤᠯᠪᠣᠭᠳᠠᠭᠰᠠᠨ ᠬᠠᠤᠯᠢ ᠪᠤᠰᠤ ᠪᠠᠷ ᠭᠠᠵᠠᠷ ᠰᠢᠷᠣᠶ ᠶᠢ ᠡᠵᠡᠯᠡᠨ ᠬᠡᠷᠡᠭᠯᠡᠭᠰᠡᠨ ᠡᠯ᠎ᠡ ᠵᠦᠢᠯ ᠤᠨ ᠠᠵᠢᠯᠯᠠᠭ᠎ᠠ ᠶᠢ ᠨᠢᠭᠲᠠ ᠮᠦᠷᠳᠡᠨ ᠬᠢᠨᠠᠨ ᠬᠡᠮᠵᠢᠵᠦ᠂ ᠠᠰᠠᠭᠤᠳᠠᠯ ᠤᠨ ᠰᠦᠪᠡᠭᠴᠢ ᠶᠢ ᠢᠯᠡᠷᠡᠭᠦᠯᠪᠡᠯ ᠳᠠᠷᠤᠶ ᠲᠦᠷᠭᠡᠨ ᠰᠢᠢᠳᠪᠦᠷᠢᠯᠡᠬᠦ ᠬᠡᠷᠡᠭᠲᠡᠶ ᠭᠡᠪᠡ᠃

      ᠰᠦᠨ ᠱᠤᠤ ᠴᠧᠩ᠂ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠨᠢ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠶᠢ ᠤᠳᠠᠭᠠᠰᠢᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠨᠥᠯᠥᠭᠡᠯᠡᠵᠦ ᠪᠤᠢ᠂ ᠡᠷᠬᠡᠪᠰᠢ ᠬᠦᠴᠦᠲᠡᠢ ᠴᠡᠭᠴᠡᠯᠡᠨ ᠵᠠᠰᠠᠵᠤ᠂ ᠡᠨᠡ ᠬᠦ ᠭᠠᠵᠢᠭᠤ ᠰᠤᠷᠲᠠᠯ ᠢ ᠡᠷᠡᠰ ᠬᠤᠷᠢᠭᠯᠠᠬᠤ ᠬᠡᠷᠡᠭᠲᠡᠢ᠃ ᠡᠨᠡ ᠵᠢᠯ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠤᠷᠢᠭᠯᠠᠬᠤ ᠨᠢᠬᠡᠨ ᠤᠳᠠᠭ᠎ᠠ ᠶᠢᠨ ᠶᠡᠷᠦᠩᠬᠡᠢ ᠳᠠᠶᠢᠯᠠᠯᠳᠤᠭᠠᠨ ᠢ ᠬᠢᠵᠤ᠂ ᠬᠢᠯᠪᠠᠷ ᠪᠤᠰᠤ ᠪᠠᠷ ᠢᠷᠡᠭᠰᠡᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠢᠨ ᠤ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠮᠡᠳᠡᠭᠦᠯᠬᠦ ᠶᠢ ᠱᠠᠯᠠᠪᠳᠠᠭᠤᠯᠵᠤ᠂ ︽ᠭᠤᠷᠪᠠᠨ ᠨᠢᠳᠦ︾ ᠪᠠᠷ ᠬᠢᠨᠠᠨ ᠬᠡᠮᠵᠢᠬᠦ᠂ ︽ᠭᠤᠷᠪᠠᠨ ᠱᠤᠭᠤᠮ︾ ᠢᠶᠠᠷ ᠤᠷᠢᠳᠴᠢᠯᠠᠨ ᠰᠡᠷᠡᠮᠵᠢᠯᠡᠭᠦᠯᠬᠦ ︽ᠪᠤᠯᠳᠠᠵᠦ ᠭᠠᠷᠤᠰᠢ ᠦᠭᠡᠢ ᠪᠦᠰᠡᠯᠡᠯᠳᠡ︾ ᠶᠢ ᠪᠠᠶᠢᠭᠤᠯᠬᠤ ᠬᠡᠷᠡᠭᠲᠡᠶ᠃ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠠᠵᠢᠯᠯᠠᠭ᠎ᠠ ᠳᠤ ᠴᠣᠬᠢᠯᠲᠠ ᠥᠭᠬᠦ ᠶᠢ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠪᠤᠶᠢᠮ᠎ᠠ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠰᠠᠮᠠᠭᠤᠨ ᠦᠵᠡᠭᠳᠡᠯ ᠳᠤ ᠢᠯᠡᠷᠡᠮᠡᠭᠴᠡ ᠴᠣᠬᠢᠯᠲᠠ ᠥᠭᠴᠦ᠂ ᠬᠦᠴᠦᠲᠡᠢ ᠰᠦᠷᠳᠡᠭᠦᠯᠦᠯ ᠢ ᠪᠤᠢ ᠪᠣᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠠᠴᠠ ᠦᠨᠳᠦᠰᠦᠨ ᠱᠠᠲᠤᠨ ᠤ ᠡᠮᠦᠨ᠎ᠡ ᠹᠷᠣᠨᠲ ᠬᠦᠷᠲᠡᠯ᠎ᠡ᠂ ᠰᠠᠬᠢᠯᠭ᠎ᠠ ᠪᠠᠲᠤ ᠪᠠᠶᠢᠴᠠᠭᠠᠬᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠵᠡᠷᠭᠡ ᠨᠠᠮ ᠵᠠᠰᠠᠭ ᠤᠨ ᠰᠠᠯᠠᠭ᠎ᠠ ᠮᠥᠴᠢᠷ ᠠᠴᠠ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠡᠷᠭᠡ ᠬᠠᠤᠯᠢ ᠴᠠᠭᠠᠵᠠ ᠶᠢᠨ ᠪᠠᠶᠢᠭᠤᠯᠭ᠎ᠠ ᠬᠦᠷᠲᠡᠯ᠎ᠡ᠂ ᠡᠯ᠎ᠡ ᠱᠠᠲᠤ ᠡᠯ᠎ᠡ ᠲᠠᠯ᠎ᠠ ᠶᠢᠨ ᠬᠢᠨ ᠴᠥᠮ ᠬᠥᠳᠡᠯᠦᠯᠴᠡᠵᠦ᠂ ᠡᠭᠦᠷᠭᠡ ᠲᠤᠰᠢᠶᠠᠯ ᠳᠠᠭᠠᠨ ᠰᠠᠭᠤᠷᠢᠯᠠᠨ ᠰᠠᠨᠠᠭᠠᠴᠢᠯᠠᠭ᠎ᠠ ᠠᠴᠠ ᠪᠠᠨ ᠲᠡᠶᠢᠯᠠᠯᠳᠤᠭᠠᠨ ᠳᠤ ᠣᠷᠣᠯᠴᠠᠵᠤ᠂ ᠣᠷᠣᠨ ᠳᠠᠶᠠᠭᠠᠷ ᠲᠤ ᠣᠶ ᠰᠢᠭᠤᠶ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠤᠷᠢᠭᠯᠠᠬᠤ ᠬᠦᠴᠦᠷᠬᠡᠭ ᠶᠡᠭᠡ ᠰᠦᠷ ᠬᠦᠴᠦᠨ ᠢ ᠪᠣᠶ ᠪᠣᠯᠭᠠᠬᠤ ᠬᠡᠷᠡᠭᠲᠡᠶ ᠭᠡᠪᠡ᠃

      ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ